ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 7 ᠲᠠᠯ᠎ᠠ ᠪᠠᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠪᠤᠢ
ᠨᠡᠶᠢᠲᠡᠯᠡᠭᠰᠡᠨ ᠴᠠᠭ᠄
2016/3/23
    3 ᠳ᠋ᠤᠭᠠᠷ ᠰᠠᠷ᠎ᠠ ᠶᠢᠨ 22᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠠᠵᠢᠯ ᠤᠨ ᠬᠤᠷᠠᠯᠳᠤᠭᠠᠨ ᠳᠡᠭᠡᠷ᠎ᠡ ᠠᠴᠠ ᠣᠶᠢᠯᠠᠭᠠᠭᠰᠠᠨ ᠨᠢ᠂ ᠡᠨᠡ ᠵᠢᠯ᠂ ᠥᠪᠥᠷ ᠮᠣᠩᠭᠤᠯ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠰᠠᠨᠠᠯ ︾᠎ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ 7 ᠲᠠᠯ᠎ᠠ ᠪᠠᠷ ᠴᠢᠩᠭᠠᠳᠬᠠᠬᠤ ᠪᠠᠷ ᠪᠤᠢ᠃      ᠨᠢᠭᠡ ᠳᠤ᠂ ᠳᠡᠭᠡᠪᠦᠷ ᠵᠢᠷᠤᠭ ᠲᠥᠯᠥᠪᠯᠡᠭᠡ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ︽13᠂ 5︾᠎ ᠶᠢᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠠᠳᠬᠤᠨ᠎ᠠ᠃ ᠬᠤᠶᠠᠷ ᠲᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠬᠤᠶᠠᠷ ᠱᠠᠲᠤᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠣᠷᠣᠨ ᠤ ᠨᠡᠶᠢᠭᠡᠮ ᠎ ᠤᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠭᠤᠷᠪᠠ ᠳᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠠᠪᠤᠳᠠᠯ ᠳᠤᠮᠳᠠ ᠢᠲᠡᠭᠡᠮᠵᠢ ᠶᠢ ᠬᠢᠨᠠᠨ ᠪᠠᠶᠢᠴᠠᠭᠠᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠣᠯᠢᠯᠴᠠᠭᠠᠨ ᠤ ᠳᠤᠮᠳᠠ ᠭᠤᠷᠪᠠᠳᠤᠭᠠᠷ ᠡᠲᠡᠭᠡᠳ ᠤᠨ ᠬᠠᠩᠭᠠᠭᠰᠠᠨ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠵᠢᠭᠦᠯᠬᠦ ᠶᠢ ᠳᠡᠯᠭᠡᠷᠡᠭᠦᠯᠦᠨ᠎ᠡ᠃ ᠲᠦᠷᠪᠡ ᠳᠤ᠂ ᠢᠲᠡᠭᠡᠮᠵᠢ ᠶᠢᠨ ᠱᠠᠩᠨᠠᠬᠤ ᠲᠣᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠢᠲᠡᠭᠡᠮᠵᠢᠲᠡᠶ ᠪᠠᠶᠢᠬᠤ ᠬᠠᠮᠲᠤᠷᠠᠨ ᠤᠷᠮᠠᠰᠢᠭᠤᠯᠬᠤ ᠲᠣᠭᠲᠠᠴᠠ ᠶᠢ ᠰᠤᠳᠤᠯᠤᠨ ᠪᠠᠶᠢᠭᠤᠯᠵᠤ᠂ ᠢᠲᠡᠭᠡᠯ ᠢᠶᠠᠨ ᠠᠯᠳᠠᠭᠰᠠᠨ ᠢ ᠬᠠᠮᠲᠤᠷᠠᠨ ᠵᠠᠯᠬᠠᠭᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠠᠪᠤᠳᠠᠯ ᠢ ᠳᠥᠯᠭᠢᠨ ᠠᠬᠢᠭᠤᠯᠵᠤ᠂ ︽ᠤᠯᠠᠭᠠᠨ ᠨᠡᠷᠡᠰ︾᠎ ᠢ ᠨᠡᠶᠢᠳᠡ ᠳᠤ ᠵᠠᠷᠯᠠᠬᠤ ᠠᠷᠭ᠎ᠠ ᠶᠢ ᠰᠤᠳᠤᠯᠤᠨ ᠲᠣᠭᠲᠠᠭᠠᠨ᠎ᠠ᠃ ᠲᠠᠪᠤ ᠳᠤ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠨᠤᠮᠧᠷ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠳᠠᠭᠠᠯᠠᠵᠤ ᠪᠠᠶᠢᠭ᠎ᠠ ᠬᠠᠭᠤᠴᠢᠨ ᠨᠤᠮᠧᠷ ᠢ ᠰᠣᠯᠢᠬᠤ ᠠᠵᠢᠯ ᠢ ᠲᠦᠷᠭᠡᠪᠴᠢᠯᠡᠨ ᠪᠡᠶᠡᠯᠡᠭᠦᠯᠦᠨ᠎ᠡ᠃ ᠵᠢᠷᠭᠤᠭ᠎ᠠ ᠳᠤ᠂ ᠦᠨᠡᠨᠴᠢ ᠢᠲᠡᠭᠡᠮᠵᠢᠲᠡᠶ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠰᠤᠷᠲᠠᠯ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ᠃ ᠴᠢᠷᠮᠠᠶᠢᠵᠤ ᠪᠠᠶᠢᠭᠠᠳ ᠬᠥᠬᠡᠬᠤᠲᠠ᠂ ᠦᠬᠠᠶ ᠬᠤᠳᠠ ᠶᠢ ᠪᠦᠬᠦ ᠤᠯᠤᠰ ᠤᠨ ᠢᠲᠡᠭᠡᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢᠨ ᠬᠡᠪᠴᠢᠶ᠎ᠡ ᠳᠤ ᠣᠷᠣᠭᠤᠯᠤᠨ᠎ᠠ᠃ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠢᠯᠡᠴᠢᠯᠡᠬᠦ ᠪᠠ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠦᠨᠡᠨᠴᠢ ᠢᠲᠡᠭᠡᠮᠵᠢᠲᠡᠶ ᠪᠠᠶᠢᠬᠤ ᠨᠡᠶᠢᠭᠡᠮ ᠤᠨ ᠬᠡᠪ ᠪᠠᠶᠢᠳᠠᠯ ᠢ ᠪᠦᠬᠦ ᠬᠦᠴᠦ ᠪᠠᠷ ᠢᠶᠠᠨ ᠪᠤᠢ ᠪᠣᠯᠭᠠᠨ᠎ᠠ᠃ ᠲᠤᠯᠤᠭ᠎ᠠ ᠳᠤ᠂ ᠠᠵᠢᠯ ᠤᠨ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ᠪᠤᠰᠤᠳ ᠮᠤᠵᠢ ᠣᠷᠣᠨ ᠤ ᠠᠷᠭ᠎ᠠ ᠲᠤᠷᠰᠢᠯᠭ᠎ᠠ ᠪᠠ ᠠᠷᠭ᠎ᠠ ᠶᠢ ᠲᠣᠯᠢᠳᠠᠵᠤ᠂ ᠮᠠᠨ ᠤ ᠣᠷᠣᠨ ᠤ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠬᠡᠷᠡᠭᠵᠢᠭᠦᠯᠦᠯᠲᠡ ᠶᠢᠨ ᠲᠥᠰᠦᠯ︾᠎ ᠢ ᠲᠣᠭᠲᠠᠭᠠᠨ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号