ᠮᠣᠩᠭᠤᠯ ᠤᠯᠤᠰ ᠤᠨ TESO ᠪᠦᠯᠦᠭᠯᠡᠯ ᠤᠨ ᠳᠤᠮᠳᠠᠳᠤ ᠤᠯᠤᠰ ᠲᠤ ᠪᠠᠶᠢᠭᠤᠯᠤᠭᠰᠠᠨ ᠠᠩᠬᠠᠳᠠᠭᠴᠢ | ᠬᠤᠪᠢᠶᠠᠷᠢ ᠺᠣᠮᠫᠠᠨᠢ — ᠡᠷᠢᠶᠡᠨ ᠬᠤᠲᠠ ᠶᠢᠨ ᠰᠦ᠋ ᠲᠧᠩ ᠭᠠᠳᠠᠭᠠᠳᠤ ᠠᠴᠠ ᠣᠷᠣᠭᠤᠯᠵᠤ ᠭᠠᠷᠭᠠᠬᠤ | ᠠᠷᠠᠯᠵᠢᠶᠠᠨ ᠤ ᠬᠢᠵᠠᠭᠠᠷᠲᠤ ᠺᠣᠮᠫᠠᠨᠢ ᠡᠷᠢᠶᠡᠨ ᠬᠤᠲᠠ ᠳᠤ ᠵᠢᠩᠬᠢᠨᠢ ᠪᠠᠷ ᠪᠠᠶᠢᠭᠤᠯᠤᠭᠳᠠᠵᠤ᠂ ᠦᠢᠯᠡᠳᠬᠦᠨ | ᠲᠠᠨᠢᠯᠴᠠᠭᠤᠯᠬᠤ ᠬᠤᠷᠠᠯ ᠬᠢᠪᠡ᠃ ᠲᠤᠰ ᠺᠣᠮᠫᠠᠨᠢ ᠬᠠᠮᠲᠤ ᠪᠠᠷ ᠵᠥᠪᠳᠡᠯᠴᠡᠵᠦ᠂ ᠬᠠᠮᠲᠤ ᠪᠠᠷ ᠡᠳ᠋ᠯᠡᠬᠦ᠂ ᠬᠠᠮᠲᠤ ᠪᠠᠷ | ᠪᠠᠶᠢᠭᠤᠯᠬᠤ ᠵᠠᠷᠴᠢᠮ ᠢ ᠡᠷᠬᠢᠮᠯᠡᠵᠦ᠂ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠬᠦᠷᠢᠶᠡᠨ ᠳᠠᠬᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠪᠡ᠃ 2003 ᠣᠨ ᠳᠤ ᠪᠠᠶᠢᠭᠤᠯᠤᠭᠳᠠᠭᠰᠠᠨ ᠮᠣᠩᠭᠤᠯ | ᠤᠯᠤᠰ ᠤᠨ TESO ᠪᠦᠯᠦᠭᠯᠡᠯ ᠨᠢ 12 ᠬᠤᠪᠢᠶᠠᠷᠢ ᠺᠣᠮᠫᠠᠨᠢ ᠲᠠᠢ᠂ ᠭᠤᠣᠯ ᠡᠵᠡᠩᠨᠡᠯᠲᠡ ᠶᠢᠨ ᠬᠡᠪᠴᠢᠶ᠎ᠡ ᠨᠢ | ᠢᠳᠡᠭᠡᠨ ᠪᠣᠯᠪᠠᠰᠤᠷᠠᠭᠤᠯᠬᠤ᠂ ᠪᠠᠷᠢᠯᠭ᠎ᠠ᠂ ᠠᠭᠤᠷᠬᠠᠶ ᠵᠡᠷᠭᠡ ᠪᠣᠯᠣᠨ᠎ᠠ᠂ ᠳᠤᠮᠳᠠᠳᠤ ᠤᠯᠤᠰ ᠤᠨ ᠡᠷᠢᠶᠡᠨ | ᠬᠤᠲᠠ ᠳᠤ ᠬᠤᠪᠢᠶᠠᠷᠢ ᠺᠣᠮᠫᠠᠨᠢ ᠪᠠᠶᠢᠭᠤᠯᠤᠭᠰᠠᠨ ᠨᠢ᠂ ᠦᠢᠯᠡᠳᠬᠦᠨ ᠢᠶᠠᠨ ᠳᠡᠯᠡᠬᠡᠶ ᠶᠢᠨ ᠵᠠᠬ᠎ᠠ ᠳᠡᠯᠭᠡᠭᠦᠷ ᠲᠤ | ᠭᠠᠷᠭᠠᠬᠤ ᠪᠠᠷ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠭᠠᠳᠠᠭᠰᠢ ᠨᠡᠭᠡᠭᠡᠯᠲᠡ ᠬᠢᠬᠦ ᠪᠠᠶᠢᠯᠳᠤᠬᠤ | ᠪᠤᠳᠤᠯᠭ᠎ᠠ ᠶᠢ ᠠᠰᠢᠭᠯᠠᠨ ᠬᠢᠭᠰᠡᠨ ᠰᠣᠩᠭᠤᠯᠲᠠ ᠮᠥᠨ᠃ ᠮᠣᠩᠭᠤᠯ ᠤᠯᠤᠰ ᠤᠨ TESO ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠴᠣᠭᠲᠤᠭᠡᠷᠡᠯ ᠬᠡᠯᠡᠭᠰᠡᠨ ᠨᠢ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ | ᠪᠣᠯ ᠳᠤᠮᠳᠠᠳᠤ ᠤᠯᠤᠰ ᠤᠨ ᠳᠤᠷᠠᠳᠤᠭᠰᠠᠨ ᠰᠠᠨᠠᠭᠠᠴᠢᠯᠠᠭ᠎ᠠ᠂ ᠪᠠᠰᠠ ᠴᠤ ᠳᠤᠮᠳᠠᠳᠤ ᠤᠯᠤᠰ ᠬᠢᠭᠡᠳ ᠵᠠᠮ ᠳᠠᠭᠠᠤ | ᠤᠯᠤᠰ ᠣᠷᠣᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠡᠷᠢᠶᠡᠨ ᠪᠣᠭᠤᠮᠲᠠ ᠳᠤᠮᠳᠠᠳᠤ ᠮᠣᠩᠭᠤᠯ ᠤᠨ | ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠲᠡᠭᠦᠨ ᠤ ᠭᠠᠵᠠᠷ ᠵᠦᠶ ᠶᠢᠨ | ᠣᠨᠴᠠ ᠳᠠᠪᠠᠭᠤᠯᠢᠭ ᠨᠢ ᠤᠯᠠᠮ ᠠᠴᠠ ᠤᠯᠠᠮ ᠠᠷᠪᠢᠨ ᠮᠣᠩᠭᠤᠯ ᠠᠵᠤ ᠠᠬᠤᠶᠢᠯᠠᠯᠲᠠᠨ᠂ ᠬᠤᠪᠢ ᠶᠢᠨ | ᠡᠵᠡᠩᠨᠡᠭᠴᠢᠳ ᠢ ᠲᠠᠳᠠᠨ ᠢᠷᠡᠭᠦᠯᠵᠦ ᠪᠡᠯᠡ ᠣᠷᠣᠭᠤᠯᠤᠨ ᠠᠳᠠᠯ ᠦᠢᠯᠡᠰ ᠴᠣᠭᠴᠠᠯᠠᠵᠤ ᠪᠣᠢ᠂ ᠡᠨᠡ ᠨᠢ ᠮᠥᠨᠴᠦ | ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠳᠤ ᠲᠠᠰᠤᠷᠠᠯᠳᠠ ᠦᠭᠡᠢ | ᠰᠢᠨ᠎ᠡ ᠠᠮᠢᠵᠢᠷᠠᠯ ᠤᠨ ᠬᠦᠴᠦᠨ ᠣᠷᠣᠭᠤᠯᠵᠤ ᠪᠠᠶᠢᠨ᠎ᠠ᠃ | |