ᠥᠪᠥᠷ ᠮᠣᠩᠭᠤᠯ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠬᠢᠷᠢ ᠬᠡᠮᠵᠢᠶ᠎ᠡ ᠨᠢ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠂ 2015 ᠣᠨ ᠤ ᠵᠢᠯ ᠤᠨ ᠡᠴᠦᠰ ᠲᠤ | ᠰᠤᠷᠭᠠᠭᠤᠯᠢ ᠶᠢᠨ ᠨᠠᠰᠤᠨ ᠠᠴᠠ ᠡᠮᠦᠨᠡᠬᠢ 3 ᠵᠢᠯ ᠤᠨ ᠬᠡᠦᠬᠡᠳ ᠤᠨ ᠴᠡᠴᠡᠷᠯᠢᠭ ᠲᠤ ᠣᠷᠣᠬᠤ ᠨᠣᠷᠮ᠎ᠠ ᠨᠢ 87. | 47% ᠳᠤ ᠬᠦᠷᠴᠦ᠂ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ ᠵᠠᠭᠤᠨ ᠤ ᠴᠢᠭ ᠤᠨ 12.47 | ᠦᠨᠳᠦᠷ ᠪᠣᠯᠪᠠ᠃ | ︽12·5︾ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠨᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠤᠷᠲᠤ ᠬᠤᠭᠤᠴᠠᠭᠠᠨ ᠤ ᠰᠤᠷᠭᠠᠨ | ᠬᠥᠮᠦᠵᠢᠯ ᠤᠨ ᠥᠭᠡᠷᠡᠴᠢᠯᠡᠯᠲᠡ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠡᠷᠡᠭᠦᠯ ᠢᠶᠠᠷ ᠦᠷᠭᠦᠯᠵᠢᠯᠡᠨ | ᠬᠦᠭᠵᠢᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ | ᠶᠡᠬᠡᠪᠡᠷ ᠳᠡᠭᠡᠭᠰᠢᠯᠡᠪᠡ᠃ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠨᠢ ︽ᠶᠡᠭᠡ ᠭᠠᠴᠠᠭ᠎ᠠ ᠬᠠᠮᠲᠤᠷᠠᠨ ᠡᠷᠬᠢᠯᠡᠬᠦ᠂ ᠵᠢᠵᠢᠭ ᠲᠣᠰᠬᠤᠨ ᠭᠠᠭᠴᠠᠭᠠᠷ ᠡᠷᠬᠢᠯᠡᠬᠦ︾᠂ | ᠠᠯᠪᠠᠨ ᠠᠴᠠ ᠪᠠᠶᠢᠭᠤᠯᠤᠨ ᠠᠷᠠᠳ ᠡᠷᠬᠢᠯᠡᠬᠦ᠂ ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠤᠨ ᠬᠤᠯᠪᠣᠭ᠎ᠠ᠂ | ᠡᠳ᠋ ᠤᠨ ᠵᠠᠰᠠᠭ ᠤᠨ ᠱᠠᠩᠨᠠᠯ ᠨᠦᠬᠦᠪᠦᠷᠢ᠂ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ᠂ ᠨᠡᠷᠡᠲᠦ | ᠲᠡᠮᠳᠡᠭ ᠤᠨ ᠬᠡᠯᠬᠢᠶ᠎ᠡ ᠵᠡᠷᠭᠡ ᠬᠡᠤᠬᠡᠳ ᠤᠨ ᠴᠡᠴᠡᠷᠯᠢᠭ ᠡᠷᠬᠢᠯᠡᠬᠦ ᠬᠡᠪ ᠵᠠᠭᠪᠤᠷ ᠢ ᠬᠠᠶᠢᠨ ᠰᠦᠪᠡᠭᠴᠢᠯᠡᠨ | ᠳᠡᠯᠭᠡᠷᠡᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠢ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠬᠦᠭᠵᠢᠭᠦᠯᠪᠡ᠃ ᠬᠡᠦᠬᠡᠳ ᠤᠨ ᠴᠡᠴᠡᠷᠯᠢᠭ ᠤᠨ | ᠪᠠᠭᠰᠢ ᠨᠠᠷ ᠤᠨ ᠤᠯᠤᠰ ᠤᠨ ᠳᠡᠰ ᠤᠨ ᠪᠣᠯᠪᠠᠰᠤᠷᠠᠭᠤᠯᠤᠯ ᠤᠨ ᠲᠥᠯᠥᠪᠯᠡᠭᠡ ᠶᠢ ᠬᠡᠷᠡᠭᠵᠢᠭᠦᠯᠵᠦ᠂ ᠬᠡᠦᠬᠡᠳ ᠤᠨ | ᠴᠡᠴᠡᠷᠯᠢᠭ ᠤᠨ ᠪᠠᠭᠰᠢ ᠨᠠᠷ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠬᠡᠷᠡᠭᠵᠢᠭᠦᠯᠦᠭᠡᠳ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠨᠠᠷ ᠲᠠᠢ ᠠᠳᠠᠯᠢᠬᠠᠨ ᠬᠠᠷᠠᠭᠠᠯᠵᠠᠯ ᠬᠦᠷᠲᠡᠭᠡᠪᠡ᠃ ︽ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠠᠮᠢᠶᠠᠷᠬᠤ ᠪᠠ ᠡᠷᠬᠢᠯᠡᠬᠦ ᠶᠢ ᠰᠠᠯᠭᠠᠨ ᠬᠠᠮᠢᠶᠠᠷᠬᠤ ᠠᠷᠭ᠎ᠠ︾ ︽ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠵᠢᠯᠣᠭᠤᠳᠬᠤ ᠰᠠᠨᠠᠯ︾ ︽ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠪᠠᠶᠢᠭᠤᠯᠬᠤ ᠪᠠᠷᠢᠮᠵᠢᠶ᠎ᠠ︾ ᠵᠡᠷᠭᠡ ᠳᠦᠷᠢᠮ ᠲᠣᠭᠲᠠᠭᠠᠯ ᠢ | ᠨᠡᠶᠢᠲᠡᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠵᠢᠷᠤᠮᠵᠢᠭᠤᠯᠤᠨ ᠡᠷᠡᠭᠦᠯ ᠢᠶᠠᠷ | ᠬᠦᠭᠵᠢᠭᠦᠯᠬᠦ ᠶᠢ ᠪᠠᠲᠤᠯᠠᠪᠠ᠃ | 2011 ᠣᠨ ᠪᠣᠯᠤᠨ 2014 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠶᠠᠷ | ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ᠶᠢ ᠵᠠᠯᠭ᠎ᠠ ᠪᠠᠷ ᠡᠬᠢᠯᠡᠨ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠠᠪᠴᠤ ᠪᠠᠶᠢᠭᠠᠳ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠲᠦᠭᠡᠮᠡᠯ | ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠬᠦᠭᠵᠢᠭᠦᠯᠪᠡ᠃ | ᠵᠥᠪᠬᠡᠨ 2015 ᠣᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠡᠯᠡ ᠮᠥᠩᠭᠦ ᠶᠢ | 17.58 ᠳ᠋ᠦᠩᠰᠢᠭᠤᠷ ᠲᠦᠭᠦᠷᠢᠭ ᠪᠠᠭᠤᠯᠭᠠᠵᠤ᠂ ᠡᠭᠦᠨ ᠳᠤ᠂ 6.54 ᠳ᠋ᠦᠩᠰᠢᠭᠤᠷ ᠲᠥᠭᠦᠷᠢᠭ ᠣᠷᠤᠭᠤᠯᠤᠨ | ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ 102 ᠰᠢᠨ᠎ᠡ ᠪᠠᠷ ᠪᠠᠶᠢᠭᠤᠯᠤᠨ᠂ 7.1 ᠳ᠋ᠦᠩᠰᠢᠭᠤᠷ | ᠲᠦᠭᠦᠷᠢᠭ ᠣᠷᠤᠭᠤᠯᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠵᠦ᠂ 3.47 ᠳ᠋ᠦᠩᠰᠢᠭᠤᠷ ᠲᠦᠭᠦᠷᠢᠭ ᠣᠷᠤᠭᠤᠯᠤᠨ ᠠᠷᠠᠳ ᠠᠴᠠ ᠡᠷᠬᠢᠯᠡᠭᠰᠡᠨ 110 | ᠬᠡᠦᠬᠡᠳ ᠤᠨ ᠴᠡᠴᠡᠷᠯᠢᠭ ᠢ ᠲᠡᠳᠬᠦᠪᠡ᠃ 2015 ᠣᠨ ᠤ ᠡᠴᠦᠰ ᠪᠣᠯᠬᠤ ᠳᠤ᠂ ᠪᠦᠬᠦ ᠣᠷᠣᠨ ᠳᠤ ᠨᠢᠭᠡᠨᠲᠡ | 3516 ᠬᠡᠦᠬᠡᠳ ᠤᠨ ᠴᠡᠴᠡᠷᠯᠢᠭ ᠲᠠᠢ ᠪᠣᠯᠵᠤ᠂ ᠴᠡᠴᠡᠷᠯᠢᠭ ᠲᠤ ᠪᠠᠶᠢᠭ᠎ᠠ ᠬᠡᠤᠬᠡᠳ 59.34 ᠲᠦᠮᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 11.97% ᠪᠠ 6.15% ᠪᠠᠷ ᠨᠡᠮᠡᠭᠳᠡᠪᠡ᠃ |