ᠥᠪᠥᠷ ᠮᠣᠩᠭᠤᠯ ᠡᠨᠡ ᠵᠢᠯ ᠬᠤᠲᠠ ᠪᠠᠯᠭᠠᠰᠤᠨ ᠳᠤ ᠰᠢᠨ᠎ᠡ ᠪᠠᠷ 26 ᠲᠦᠮᠡᠨ ᠬᠥᠮᠦᠨ ᠳᠤ ᠠᠵᠢᠯ ᠤᠯᠭᠤᠬᠤ ᠶᠢ ᠦᠨᠡᠨ ᠬᠦ ᠪᠠᠲᠤᠯᠠᠬᠤ ᠪᠤᠯᠤᠨ᠎ᠠ
ᠨᠡᠶᠢᠲᠡᠯᠡᠭᠰᠡᠨ ᠴᠠᠭ᠄
2016/3/23
     ᠡᠨᠡ ᠵᠢᠯ᠂ ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠴᠡᠷᠢᠭ ᠤᠨ ᠠᠯᠪᠠᠨ ᠠᠴᠠ ᠪᠠᠭᠤᠭᠰᠠᠳ ᠪᠤᠯᠤᠨ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠪᠠᠷ ᠭᠤᠣᠯ ᠳᠠᠭᠠᠷᠢᠯᠲᠠ ᠶᠢᠨ ᠴᠢᠭᠯᠡᠯ ᠢᠶᠠᠨ ᠪᠣᠯᠭᠠᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠲᠠ ᠪᠠᠯᠭᠠᠰᠤᠨ ᠳᠤ ᠰᠢᠨ᠎ᠡ ᠪᠠᠷ 26 ᠲᠦᠮᠡᠨ ᠬᠥᠮᠦᠨ ᠳᠤ ᠠᠵᠢᠯ ᠤᠯᠭᠤᠬᠤ ᠬᠠᠷᠠᠯᠲᠠ ᠶᠢ ᠪᠡᠶᠡᠯᠡᠭᠦᠯᠬᠦ ᠪᠠᠷ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠳᠠᠷᠤᠭ᠎ᠠ ᠡᠤ ᠸᠧᠢ ᠳ᠋ᠦᠡᠭ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠠᠵᠢᠯ ᠣᠯᠭᠤᠯᠲᠠ ᠶᠢᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠬᠠᠲᠠᠭᠤ ᠪᠡᠷᠭᠡ ᠪᠠᠶᠢᠵᠤ᠂ ᠭᠤᠤᠯᠳᠠᠭᠤ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠲᠤᠪᠤᠶᠢᠮ᠎ᠠ᠂ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠭᠡᠵᠤ ᠠᠵᠢᠯ ᠠᠯᠳᠠᠬᠤ ᠲᠦᠭᠰᠢᠭᠦᠷᠢ ᠶᠢ ᠰᠡᠷᠭᠡᠶᠢᠯᠡᠬᠦ ᠳᠠᠷᠤᠯᠲᠠ ᠶᠡᠭᠡ᠂ ᠶᠠᠳᠠᠭᠤ ᠬᠦᠴᠢᠷᠳᠡᠯᠲᠡᠶ ᠬᠥᠳᠡᠯᠮᠦᠷᠢᠴᠢᠳ ᠲᠤ ᠠᠵᠢᠯ ᠤᠯᠭᠤᠨ ᠶᠠᠳᠠᠭᠤ ᠶᠢ ᠲᠡᠳᠬᠦᠬᠦ ᠶᠢ ᠠᠬᠢᠭᠤᠯᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠬᠤ ᠵᠡᠷᠭᠡ ᠲᠠᠯ᠎ᠠ ᠪᠠᠷ ᠢᠯᠡᠷᠡᠵᠤ ᠪᠤᠢ᠃ ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠭᠦᠨᠵᠡᠭᠡᠶ ᠲᠦᠯᠬᠢᠨ ᠠᠬᠢᠭᠤᠯᠬᠤ ᠶᠢ ᠳᠠᠭᠠᠯᠳᠤᠨ᠂ ᠬᠥᠮᠦᠨ ᠬᠡᠷᠡᠭᠯᠡᠬᠦ ᠨᠢᠭᠡᠴᠡ ᠶᠢᠨ ᠬᠥᠳᠡᠯᠮᠦᠷᠢᠴᠢᠨ ᠳᠤ ᠠᠵᠢᠯ ᠤᠯᠭᠤᠬᠤ ᠮᠡᠷᠭᠡᠵᠢᠯ ᠤᠨ ᠴᠢᠳᠠᠪᠤᠷᠢ ᠶᠢᠨ ᠱᠠᠭᠠᠷᠳᠠᠯᠭ᠎ᠠ ᠨᠡᠩ ᠥᠨᠳᠥᠷ ᠪᠤᠯᠵᠤ᠂ ᠬᠠᠷᠢᠨ ᠨᠢᠭᠡᠳᠦᠭᠡᠷ ᠹᠷᠣᠨᠲ ᠤᠨ ᠮᠡᠷᠭᠡᠵᠢᠯ ᠤᠨ ᠠᠵᠢᠯᠴᠢᠨ ᠪᠤᠯᠤᠨ ᠵᠠᠯᠠᠭᠤᠴᠤᠳ ᠤᠨ ᠡᠩ ᠤᠨ ᠠᠵᠢᠯᠴᠢᠨ ᠳᠤᠲᠠᠭᠳᠠᠵᠤ᠂  ᠨᠠᠰᠤ ᠬᠡᠲᠦᠷᠡᠭᠰᠡᠨ᠂ ᠠᠵᠢᠯ ᠤᠨ ᠤᠷ᠎ᠠ ᠮᠡᠷᠭᠡᠵᠢᠯ ᠨᠢ ᠠᠨᠠᠢ ᠬᠦᠳᠡᠯᠮᠦᠷᠢᠯᠡᠭᠴᠢᠳ ᠲᠤ ᠲᠣᠭᠲᠠᠭᠤᠨ ᠠᠵᠢᠯ ᠤᠯᠭᠤᠬᠤ ᠳᠤ ᠬᠦᠴᠢᠷᠲᠡᠶ ᠪᠠᠶᠢᠨ᠎ᠠ᠃ ᠡᠭᠦᠨ ᠤ ᠲᠤᠯᠠᠳᠠ᠂ ᠡᠨᠡ ᠵᠢᠯ ᠤᠨ ᠠᠵᠢᠯ ᠤᠨ ᠳᠤᠮᠳᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠩ ᠲᠡᠷᠢᠭᠦᠨ ᠳᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡᠨ ᠡᠭᠡᠯᠵᠢ ᠶᠢᠨ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 103 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ 70 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠤᠯᠤᠨ᠎ᠠ︔ ᠳᠠᠷᠠᠭᠠᠯᠠᠪᠠᠯ᠂ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠭᠡᠵᠤ ᠶᠠᠳᠠᠭᠤ ᠬᠦᠴᠢᠷᠳᠡᠯ ᠠᠴᠠ ᠠᠩᠬᠢᠵᠢᠷᠠᠭᠤᠯᠵᠤ ᠠᠵᠢᠯᠲᠠᠨ ᠠᠵᠢᠯᠴᠢᠨ ᠢ ᠲᠥᠪᠬᠢᠨᠡᠭᠦᠯᠬᠦ ᠠᠵᠢᠯ ᠢ ᠪᠡᠶᠡᠯᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠠᠨᠠᠯ ᠢ ᠲᠤᠭᠲᠠᠭᠠᠵᠤ᠂ ᠠᠶᠢᠮᠠᠭ ᠬᠤᠳᠠ ᠶᠢ ᠵᠢᠯᠤᠭᠤᠳᠤᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠢᠶᠠᠨ ᠬᠠᠰᠤᠬᠤ ᠳᠦᠷᠢᠮ ᠢ ᠵᠢᠷᠤᠮᠵᠢᠭᠤᠯᠵᠤ᠂ ᠲᠥᠪᠬᠢᠨᠡᠭᠦᠯᠬᠦ ᠲᠦᠷᠦ ᠶᠢᠨ ᠪᠤᠳᠤᠯᠭ᠎ᠠ ᠲᠣᠭᠲᠠᠭᠠᠬᠤ᠂ ᠲᠥᠪᠬᠢᠨᠡᠭᠦᠯᠬᠦ ᠲᠥᠰᠦᠯ ᠢ ᠬᠢᠨᠠᠨ ᠲᠣᠭᠲᠠᠭᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠠᠭᠤᠲᠠᠯᠠᠬᠤ ᠭᠤᠷᠪᠠᠨ ᠪᠣᠭᠤᠮᠲᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠢ ᠲᠣᠬᠢᠲᠠᠶ ᠲᠥᠪᠬᠢᠨᠡᠭᠦᠯᠬᠦ ᠶᠢ ᠪᠠᠲᠤᠯᠠᠨ᠎ᠠ︔ ᠭᠤᠷᠪᠠᠳᠤᠭᠠᠷ ᠲᠤ᠂ ᠲᠦᠷᠦ ᠶᠢᠨ ᠪᠤᠳᠤᠯᠭ᠎ᠠ ᠪᠠᠷ ᠬᠠᠪᠰᠤᠷᠤᠨ ᠲᠡᠳᠬᠦᠬᠦ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ ᠭᠠᠴᠠᠭ᠎ᠠ ᠲᠤᠰᠬᠤᠨ ᠠᠶᠢᠯ ᠡᠷᠦᠬᠡ ᠳᠤ ᠬᠦᠷᠦᠭᠦᠯᠬᠦ ᠪᠠᠷ ᠳᠠᠮᠵᠢᠭᠤᠯᠤᠨ᠂ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠵᠡᠷᠭᠡ 4 ᠠᠷᠭ᠎ᠠ ᠵᠠᠮ ᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠬᠥᠳᠡᠯᠮᠦᠷᠢᠴᠢᠳ ᠲᠤ ᠠᠵᠢᠯ ᠤᠯᠭᠤᠬᠤ ᠶᠢ ᠪᠡᠶᠡᠯᠡᠬᠦᠯᠦᠨ᠎ᠡ︔ ᠳᠥᠷᠪᠡᠳᠦᠭᠡᠷ ᠲᠤ᠂  ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾᠎ ᠤᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号