ᠥᠪᠥᠷ ᠮᠣᠩᠭᠤᠯ 3᠎ ᠠᠴᠠ 5 ᠵᠢᠯ ᠤᠨ ᠬᠤᠭᠤᠴᠠᠭ᠎ᠠ ᠵᠠᠷᠤᠴᠠᠭᠤᠯᠤᠨ ᠨᠡᠭᠦᠷᠡᠰᠦᠨ ᠤ ᠠᠵᠢᠯ ᠲᠥᠷᠥᠯ ᠤᠨ ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/3/23
      ᠡᠨᠡ ᠵᠢᠯ ᠠᠴᠠ ᠡᠬᠢᠯᠡᠨ᠂ ᠥᠪᠥᠷ ᠮᠣᠩᠭᠤᠯ 3᠎ ᠠᠴᠠ 5 ᠵᠢᠯ ᠤᠨ ᠬᠤᠭᠤᠴᠠᠭᠠᠨ ᠳᠤ᠂ ᠨᠡᠭᠦᠷᠡᠰᠦᠨ ᠠᠭᠤᠷᠬᠠᠶ ᠶᠢᠨ ᠬᠠᠤᠯᠢ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠠ ᠦᠢᠯᠡᠳᠪᠦᠷᠢᠯᠡᠬᠦ ᠪᠠ ᠴᠢᠳᠠᠪᠤᠷᠢ ᠠᠴᠠ ᠪᠠᠨ ᠬᠡᠲᠦᠷᠡᠨ ᠦᠢᠯᠡᠳᠪᠦᠷᠢᠯᠡᠬᠦ ᠶᠢ ᠬᠤᠷᠢᠭᠯᠠᠬᠤ ᠪᠠᠷ ᠳᠠᠮᠵᠢᠨ᠂ ᠡᠮᠬᠢ ᠵᠢᠷᠤᠮ ᠲᠠᠢ ᠤᠬᠤᠷᠢᠨ ᠭᠠᠷᠬᠤ᠂ ᠬᠡᠮᠵᠢᠶ᠎ᠡ ᠶᠢ ᠬᠠᠰᠤᠨ ᠰᠣᠯᠢᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠨᠡᠶᠢᠯᠡᠭᠦᠯᠦᠨ ᠲᠠᠬᠢᠨ ᠵᠣᠬᠢᠶᠠᠨ ᠪᠠᠶᠢᠭᠤᠯᠬᠤ᠂ ᠰᠢᠯᠢᠳᠡᠭᠵᠢᠭᠦᠯᠦᠨ ᠳᠡᠰ ᠳᠡᠪᠰᠢᠭᠦᠯᠬᠦ ᠵᠡᠷᠭᠡ ᠠᠷᠭ᠎ᠠ ᠶᠢ ᠠᠪᠴᠤ᠂ ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠢ ᠦᠭᠡᠶᠢᠰᠬᠡᠨ᠎ᠡ᠃      2016 ᠣᠨ ᠠᠴᠠ ᠡᠬᠢᠯᠡᠨ 3 ᠵᠢᠯ ᠤᠨ ᠳᠣᠲᠣᠷ᠎ᠠ᠂ ᠥᠪᠥᠷ ᠮᠣᠩᠭᠤᠯ ᠤᠨ ᠵᠠᠷᠴᠢᠮ ᠳᠡᠭᠡᠷ᠎ᠡ ᠪᠠᠨ ᠰᠢᠨ᠎ᠡ ᠪᠠᠷ ᠪᠠᠶᠢᠭᠤᠯᠬᠤ ᠨᠡᠭᠦᠷᠡᠰᠦᠨ ᠠᠭᠤᠷᠬᠠᠶ ᠶᠢᠨ ᠲᠥᠷᠥᠯ ᠵᠦᠢᠯ᠂ ᠰᠢᠨ᠎ᠡ ᠪᠠᠷ ᠨᠡᠮᠡᠭᠳᠡᠭᠦᠯᠬᠦ ᠦᠢᠯᠡᠳᠪᠦᠷᠢᠯᠡᠯ ᠤᠨ ᠴᠢᠳᠠᠪᠤᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠪᠠ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠨᠡᠮᠡᠭᠳᠡᠭᠦᠯᠬᠦ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠᠨ ᠵᠣᠭᠰᠣᠭᠠᠨ᠎ᠠ᠃ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠬᠢᠭᠡᠳ ᠤᠳᠤ ᠦᠢᠯᠡᠳᠪᠦᠷᠢᠯᠡᠵᠦ ᠪᠠᠶᠢᠭ᠎ᠠ᠂ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠶ ᠶᠢ ᠬᠤᠯᠪᠤᠭᠠᠯᠠᠨ ᠲᠠᠬᠢᠨ ᠵᠣᠬᠢᠶᠠᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠠᠬᠢᠨ ᠵᠣᠬᠢᠶᠠᠨ ᠪᠠᠶᠢᠭᠤᠯᠵᠦ ᠳᠡᠶᠢᠯᠬᠦ ᠦᠭᠡᠢ ᠶᠢ ᠨᠢ᠂ ᠤᠷᠲᠤ ᠬᠤᠭᠤᠴᠠᠭᠠᠨ ᠤ ᠨᠡᠭᠦᠷᠡᠰᠦ ᠬᠠᠩᠭᠠᠬᠤ ᠬᠡᠯᠡᠯᠴᠡᠭᠡᠷ ᠲᠣᠭᠲᠠᠵᠤ᠂ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠤᠨ᠎ᠠ᠃ ᠲᠤᠬᠠᠶ ᠶᠢᠨ ᠦᠶ᠎ᠡ ᠳᠤ᠂ ᠮᠠᠨ ᠤ ᠣᠷᠣᠨ ᠤ ᠣᠷᠣᠨ ᠤ ᠳᠣᠲᠤᠭᠠᠳᠤ ᠶᠢᠨ ᠥᠪᠡᠰᠦᠪᠡᠨ ᠬᠡᠷᠡᠭᠯᠡᠬᠦ ᠨᠡᠭᠦᠷᠡᠰᠦᠨ ᠤ ᠬᠡᠮᠵᠢᠶ᠎ᠡ ᠶᠢ 7.6 ᠳ᠋ᠦᠩᠰᠢᠭᠤᠷ ᠲᠣᠨ ᠳᠤ ᠬᠦᠷᠦᠭᠦᠯᠵᠦ᠂ 5.6 ᠳ᠋ᠦᠩᠰᠢᠭᠤᠷ ᠲᠣᠨ ᠢ ᠭᠠᠳᠠᠭᠰᠢ ᠵᠥᠭᠡᠭᠡᠪᠦᠷᠢᠯᠡᠨ᠂ ᠲᠤᠰ ᠭᠠᠵᠠᠷ ᠲᠤᠨᠢ ᠲᠡᠩᠴᠡᠭᠦᠷᠢᠲᠡᠶ ᠪᠣᠯᠭᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃      ᠡᠭᠦᠨ ᠤ ᠬᠠᠮᠲᠤ᠂ ᠪᠠᠰᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠬᠡᠷᠡᠭᠵᠢᠭᠦᠯᠵᠦ᠂ ᠤᠬᠤᠷᠢᠨ ᠭᠠᠷᠤᠭᠰᠠᠨ ᠨᠡᠭᠦᠷᠡᠰᠦᠨ ᠠᠭᠤᠷᠬᠠᠶ ᠬᠢᠭᠡᠳ ᠬᠥᠷᠰᠢ ᠵᠡᠷᠭᠡᠯᠡᠳᠡᠭᠡ ᠦᠯᠡᠳᠡᠭᠡᠭᠰᠡᠨ ᠨᠡᠭᠦᠷᠡᠰᠦᠨ ᠠᠭᠤᠷᠬᠠᠢ ᠶᠢᠨ ᠡᠬᠢ ᠪᠠᠶᠠᠯᠢᠭ ᠢ ᠨᠢ ᠡᠮᠬᠢᠯᠡᠨ ᠨᠡᠶᠢᠯᠡᠭᠦᠯᠵᠦ ᠪᠣᠯᠬᠤ ᠳᠤ ᠬᠦᠷᠪᠡᠯ ᠦᠯᠡᠬᠦᠦ ᠡᠬᠢ ᠪᠠᠶᠠᠯᠢᠭ ᠢ ᠨᠢ ᠦᠯᠡᠳᠡᠭᠡᠭᠰᠡᠨ ᠨᠡᠭᠦᠷᠡᠰᠦᠨ ᠠᠭᠤᠷᠬᠠᠶ ᠳᠤ ᠬᠤᠪᠢᠶᠠᠷᠢᠯᠠᠨ ᠰᠢᠯᠵᠢᠭᠦᠯᠵᠦ ᠥᠭᠭᠦᠨ᠎ᠡ᠂ ᠦᠯᠡᠳᠡᠭᠡᠭᠰᠡᠨ ᠨᠡᠭᠦᠷᠡᠰᠦᠨ ᠠᠭᠤᠷᠬᠠᠶ ᠨᠢ ᠲᠥᠯᠥᠪᠦᠷᠢ ᠥᠭᠬᠦ ᠪᠤᠶᠤ ᠬᠤᠪᠢ ᠣᠷᠣᠭᠤᠯᠤᠨ ᠡᠵᠡᠩᠨᠡᠭᠦᠯᠦᠨ᠎ᠡ᠂ ᠬᠤᠶᠠᠷ ᠠᠭᠤᠷᠬᠠᠶ ᠶᠢᠨ ᠬᠤᠭᠤᠷᠣᠨᠳᠣ ᠵᠢᠴᠢ ᠡᠷᠬᠢᠨ ᠲᠣᠭᠤᠷᠢᠨ ᠳᠤ ᠨᠢ ᠲᠤᠰᠠᠭᠠᠷ ᠠᠭᠤᠷᠬᠠᠶ ᠶᠢᠨ ᠡᠵᠡᠮᠰᠢᠯ ᠤᠨ ᠡᠷᠬᠡ ᠶᠢ ᠪᠠᠶᠢᠭᠤᠯᠬᠤ ᠳᠤ ᠲᠣᠬᠢᠷᠠᠮᠵᠢ ᠦᠭᠡᠢ ᠡᠬᠢ ᠪᠠᠶᠠᠯᠢᠭ ᠢ ᠪᠣᠯ᠂ ᠳᠠᠭᠠᠭᠠᠴᠢᠯᠠᠯᠲᠠ ᠵᠠᠷᠯᠠᠬᠤ ᠦᠨ᠎ᠡ ᠬᠠᠶᠠᠨ ᠬᠤᠳᠠᠯᠳᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠳᠠᠪᠡᠷ ᠦᠯᠡᠳᠡᠭᠡᠭᠰᠡᠨ ᠨᠡᠭᠦᠷᠡᠰᠦᠨ ᠠᠭᠤᠷᠬᠠᠢ ᠳᠤ ᠡᠮᠬᠢᠯᠡᠨ ᠨᠡᠶᠢᠯᠡᠭᠦᠯᠵᠦ ᠥᠭᠭᠦᠨ᠎ᠡ᠃ ᠡᠭᠦᠨ ᠠᠴᠠ ᠭᠠᠳᠠᠨ᠎ᠠ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠠᠯᠪᠠᠨ ᠵᠠᠷ ᠪᠠ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠬᠦ ᠠᠮᠠᠯᠠᠯᠲᠠ ᠶᠢᠨ ᠲᠥᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠭᠦᠷᠡᠰᠦᠨ ᠠᠭᠤᠷᠬᠠᠶ ᠨᠢ ᠵᠠᠷᠯᠠᠭᠰᠠᠨ ᠦᠢᠯᠡᠳᠪᠦᠷᠢᠯᠡᠯ ᠤᠨ ᠴᠢᠳᠠᠪᠤᠷᠢ ᠢᠶᠠᠷ ᠢᠶᠠᠨ ᠴᠢᠩᠭ᠎ᠠ ᠵᠣᠬᠢᠶᠠᠨ ᠪᠠᠶᠢᠭᠤᠯᠤᠨ ᠦᠢᠯᠡᠳᠪᠦᠷᠢᠯᠡᠬᠦ ᠳᠤ ᠬᠢᠨᠠᠯᠲᠠ ᠲᠠᠯᠪᠢᠵᠤ᠂ ᠦᠢᠯᠡᠳᠪᠦᠷᠢᠯᠡᠯ ᠤᠨ ᠴᠢᠳᠠᠪᠤᠷᠢ ᠠᠴᠠ ᠪᠠᠨ ᠬᠡᠲᠦᠷᠡᠭᠦᠯᠦᠨ ᠦᠢᠯᠡᠳᠪᠦᠷᠢᠯᠡᠬᠦ ᠨᠡᠭᠦᠷᠡᠰᠦᠨ ᠠᠭᠤᠷᠬᠠᠶ ᠶᠢ ᠪᠣᠯ᠂ ᠠᠶᠢᠮᠠᠭ ᠬᠤᠳᠠ ᠶᠢᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠶ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠡᠮᠵᠢᠶ᠎ᠡ ᠪᠠᠨ ᠪᠠᠭᠠᠰᠬᠠᠨ ᠦᠢᠯᠡᠳᠪᠦᠷᠢᠯᠡᠭᠦᠯᠵᠦ᠂ 2016 ᠣᠨ ᠠᠴᠠ ᠡᠬᠢᠯᠡᠨ᠂ ᠪᠦᠬᠦ ᠵᠢᠯ ᠤᠨ ᠠᠵᠢᠯᠯᠠᠬᠤ ᠴᠠᠭ ᠢ 276 ᠡᠳᠦᠷ ᠠᠴᠠ ᠬᠡᠲᠦᠷᠡᠭᠦᠯᠬᠦ ᠦᠭᠡᠢ ᠪᠠᠶᠢᠯᠭᠠᠬᠤ ᠶᠣᠰᠤᠭᠠᠷ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠠᠬᠢᠵᠤ ᠰᠢᠨ᠎ᠡ ᠪᠠᠷ ᠲᠣᠭᠲᠠᠭᠠᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠ ᠭᠠᠷᠠᠭ ᠤᠨ ᠡᠳᠦᠷ ᠦᠢᠯᠡᠳᠪᠦᠷᠢᠯᠡᠭᠦᠯᠬᠦ ᠦᠭᠡᠢ ᠪᠠᠶᠢᠯᠭᠠᠨ᠎ᠠ᠃ ᠣᠨᠴᠠᠭᠠᠶ ᠨᠡᠭᠦᠷᠡᠰᠦᠨ ᠤ ᠲᠦᠷᠤᠯ ᠵᠦᠢᠯ ᠢ ᠦᠢᠯᠡᠳᠪᠦᠷᠢᠯᠡᠬᠦ᠂ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠮᠠᠰᠢᠨᠴᠢᠯᠠᠯᠲᠠ ᠳᠤ ᠦᠷᠭᠦᠯᠵᠢᠯᠡᠨ ᠬᠠᠩᠭᠠᠬᠤ ᠵᠢᠴᠢ ᠠᠶᠤᠯ ᠠᠴᠠ ᠬᠠᠮᠠᠭᠠᠯᠠᠬᠤ ᠣᠨᠴᠣᠭᠤᠶ ᠱᠠᠭᠠᠷᠳᠠᠯᠭ᠎ᠠ ᠲᠠᠢ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠳᠤ ᠪᠣᠯ 276 ᠠᠵᠢᠯᠯᠠᠬᠤ ᠡᠳᠦᠷ ᠤᠨ ᠶᠡᠷᠦᠩᠬᠡᠶ ᠬᠡᠮᠵᠢᠶᠡᠨ ᠤ ᠳᠣᠲᠣᠷ᠎ᠠ ᠵᠣᠬᠢᠬᠤ ᠠᠮᠢᠳᠤᠯᠢᠭ ᠪᠠᠶᠢᠯᠭᠠᠬᠤ ᠠᠵᠢᠯᠯᠠᠬᠤ ᠡᠳᠦᠷ ᠤᠨ ᠳᠦᠷᠢᠮ ᠢ ᠬᠡᠷᠡᠭᠵᠢᠭᠦᠯᠦᠨ᠎ᠡ᠂ ᠭᠡᠬᠦ ᠳᠡᠭᠡᠨ ᠪᠣᠳᠠᠲᠠᠶ ᠲᠥᠰᠦᠯ ᠲᠣᠭᠲᠠᠭᠠᠵᠦ᠂ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠨᠡᠭᠦᠷᠡᠰᠦᠨ ᠤ ᠠᠵᠤ ᠠᠬᠤᠶᠢᠯᠠᠯ ᠤᠨ ᠳᠣᠲᠣᠭᠠᠳᠤ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ︽ᠬᠠᠳᠠᠭᠠᠯᠠᠬᠤ ᠭᠠᠷᠭᠠᠬᠤ ᠶᠢ ᠬᠤᠯᠪᠤᠭᠳᠠᠭᠤᠯᠬᠤ︾ ᠠᠷᠭ᠎ᠠ ᠶᠢ ᠬᠠᠶᠢᠨ ᠰᠦᠪᠡᠭᠴᠢᠯᠡᠵᠦ ᠬᠡᠷᠡᠭᠵᠢᠭᠦᠯᠦᠨ᠎ᠡ᠃ ᠨᠡᠶᠢᠯᠡᠭᠦᠯᠬᠦ ᠳᠠᠬᠢᠨ ᠵᠣᠬᠢᠶᠠᠨ ᠪᠠᠶᠢᠭᠤᠯᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠶ ᠪᠠ ᠴᠠᠬᠢᠯᠭᠠᠨ ᠬᠦᠴᠦᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠨᠡᠭᠦᠷᠡᠰᠦ ᠶᠢ ᠤᠯᠠᠷᠢᠯᠠᠭᠤᠯᠬᠤ ᠳᠦᠷᠦᠯ ᠵᠦᠢᠯ ᠯᠤᠭ᠎ᠠ ᠬᠤᠯᠪᠣᠭᠠᠯᠠᠵᠤ ᠲᠠᠬᠢᠨ ᠵᠣᠬᠢᠶᠠᠨ ᠪᠠᠶᠢᠭᠤᠯᠬᠤ ᠶᠢ ᠲᠥᠯᠬᠢᠨ ᠠᠬᠢᠭᠤᠯᠵᠤ᠂ ᠲᠣᠬᠢᠷᠠᠭᠤᠯᠤᠭᠠᠳᠤᠢ ᠤᠯᠠᠷᠢᠯᠠᠭᠤᠯᠤᠭᠠᠳᠤᠢ ᠡᠬᠢ ᠪᠠᠶᠠᠯᠢᠭ ᠢ ᠰᠢᠩᠭᠡᠭᠡᠨ᠎ᠡ᠃ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠬᠤᠪᠢ ᠣᠷᠤᠭᠤᠯᠤᠭᠰᠠᠨ ᠨᠡᠭᠦᠷᠡᠰᠦᠨ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠱᠠᠩᠨᠠᠨ ᠬᠥᠬᠢᠭᠦᠯᠬᠦ ᠲᠦᠷᠢᠮ ᠢ ᠬᠡᠷᠡᠭᠵᠢᠭᠦᠯᠦᠨ᠎ᠡ᠂ ᠪᠣᠳᠠᠲᠠᠶ ᠠᠷᠭ᠎ᠠ ᠶᠢ ᠨᠢ ᠠᠰᠲᠠᠭᠠᠨ ᠲᠣᠭᠲᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号