ᠥᠪᠥᠷ ᠮᠣᠩᠭᠤᠯ ᠡᠯ᠎ᠡ ᠭᠠᠵᠠᠷ ᠲᠤ ᠬᠠᠤᠯᠢ ᠪᠤᠰᠤ ᠪᠠᠷ ᠸᠠᠺᠼᠢᠨ ᠡᠵᠡᠩᠨᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2016/3/23
     ᠱᠠᠨᠳᠦ᠋ᠩ ᠮᠤᠵᠢ ᠶᠢᠨ ᠵᠢᠨᠠᠨ ᠬᠤᠲᠠ ᠶᠢᠨ ᠬᠠᠤᠯᠢ ᠪᠤᠰᠤ ᠪᠠᠷ ᠸᠠᠺᠼᠢᠨ ᠡᠵᠡᠩᠨᠡᠭᠰᠡᠨ ᠬᠡᠷᠡᠭ ᠢ ᠵᠠᠭᠤᠴᠢᠯᠠᠭᠤᠷ ᠤᠨ ᠬᠢᠨ ᠢᠯᠡᠴᠢᠯᠡᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠥᠷ ᠮᠣᠩᠭᠤᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠦᠳᠲᠡᠷ ᠲᠦᠷᠭᠡᠨ ᠢᠳᠡᠪᠬᠢᠲᠡᠶ ᠠᠷᠭᠠᠴᠠᠬᠤ ᠠᠷᠭ᠎ᠠ ᠬᠡᠮᠵᠢᠶ᠎ᠡ ᠠᠪᠴᠤ ᠪᠠᠶᠢᠷᠢᠯᠠᠭᠤᠯᠤᠨ᠂ ᠠᠰᠠᠭᠤᠳᠠᠯ ᠲᠠᠢ ᠸᠠᠺᠼᠢᠨ ᠢ ᠵᠢᠭᠰᠠᠭᠠᠨ ᠪᠠᠶᠢᠴᠠᠭᠠᠬᠤ ᠠᠵᠢᠯ ᠢ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠢᠳᠡᠪᠬᠢᠲᠡᠢ ᠦᠷᠨᠢᠭᠦᠯᠪᠡ᠃      3 ᠳ᠋ᠤᠭᠠᠷ ᠰᠠᠷ᠎ᠠ ᠶᠢᠨ 18᠎ ᠤ ᠣᠷᠣᠶ ᠠᠴᠠ ᠡᠬᠢᠯᠡᠨ᠂ ᠤᠯᠤᠰ ᠤᠨ ᠶᠡᠷᠦᠩᠬᠡᠶ ᠲᠣᠪᠴᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠭᠠᠵᠠᠷ ᠲᠤ ᠬᠠᠤᠯᠢ ᠪᠤᠰᠤ ᠪᠠᠷ ᠸᠠᠺᠼᠢᠨ ᠡᠵᠡᠩᠨᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠲᠣᠬᠢᠷᠠᠭᠤᠯᠤᠨ ᠪᠠᠶᠢᠷᠢᠯᠠᠭᠤᠯᠵᠤ᠂ ᠤᠯᠵᠤ ᠮᠡᠳᠡᠭᠰᠡᠨ ᠠᠰᠠᠭᠤᠳᠠᠯ ᠲᠠᠢ ᠸᠠᠺᠼᠢᠨ ᠤ ᠲᠦᠷᠦᠯ ᠵᠦᠢᠯ ᠢ ᠪᠣᠷᠣᠯᠠᠭᠤᠯᠬᠤ ᠶᠢ ᠲᠦᠷ ᠵᠤᠭᠰᠤᠭᠠᠵᠤ᠂ ᠬᠤᠯᠪᠣᠭᠳᠠᠭᠰᠠᠨ ᠠᠵᠤ ᠠᠬᠤᠶᠢᠯᠠᠯ ᠭᠦᠢᠯᠭᠡᠭᠡᠭᠰᠡᠨ ᠬᠠᠨᠳᠤᠰᠢ ᠪᠠᠨ ᠲᠤᠳᠤᠷᠬᠠᠶᠢᠯᠠᠬᠤ ᠬᠡᠷᠡᠭᠲᠡᠶ ᠭᠡᠵᠦ ᠱᠠᠭᠠᠷᠳᠠᠪᠠ᠃      3 ᠳ᠋ᠤᠭᠠᠷ ᠰᠠᠷ᠎ᠠ ᠶᠢᠨ 19᠎ ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠤᠨ ᠶᠡᠷᠦᠩᠬᠡᠶ ᠲᠣᠪᠴᠢᠶᠠᠨ ᠤ ᠠᠯᠪᠠᠨ ᠲᠢᠩᠬᠢᠮ ᠤᠨ ︽ᠬᠠᠤᠯᠢ ᠪᠤᠰᠤ ᠪᠠᠷ ᠸᠠᠺᠼᠢᠨ ᠡᠵᠡᠩᠨᠡᠬᠦ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠤᠯᠠᠮᠵᠢᠯᠠᠨ ᠲᠠᠷᠬᠠᠭᠠᠵᠤ᠂ ᠡᠯ᠎ᠡ ᠠᠶᠢᠮᠠᠭ ᠬᠤᠳᠠ ᠶᠢᠨ ᠡᠮ ᠤᠨ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠬᠢᠵᠦ᠂ ᠲᠤᠰᠬᠠᠶ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠠᠰᠠᠭᠤᠳᠠᠯ ᠲᠠᠢ ᠸᠠᠺᠼᠢᠨ ᠥᠪᠥᠷ ᠮᠤᠩᠭᠤᠯ ᠳᠤ ᠤᠷᠤᠵᠤ ᠢᠷᠡᠭᠰᠡᠨ ᠡᠰᠡᠬᠦ ᠪᠠᠶᠢᠳᠠᠯ ᠢ ᠵᠢᠭᠰᠠᠭᠠᠨ ᠪᠠᠶᠢᠴᠠᠭᠠᠵᠤ ᠤᠶᠢᠯᠭᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠱᠠᠨᠳᠦ᠋ᠩ ᠮᠤᠵᠢ ᠶᠢᠨ ᠲᠣᠪᠴᠢᠶᠠᠨ ᠤ ᠨᠡᠶᠢᠲᠡᠯᠡᠭᠰᠡᠨ ᠬᠠᠤᠯᠢ ᠪᠤᠰᠤ ᠪᠠᠷ ᠸᠠᠺᠼᠢᠨ ᠡᠵᠡᠩᠨᠡᠭᠰᠡᠨ ᠬᠡᠷᠡᠭ ᠤᠨ ᠬᠤᠯᠪᠣᠭᠳᠠᠯ ᠪᠦᠬᠦᠢ ᠰᠦᠪᠡᠭᠴᠢ ᠶᠢᠨ ᠠᠯᠪᠠᠨ ᠵᠠᠷ ᠢ ᠴᠠᠭ ᠲᠤᠬᠠᠶ ᠳᠤᠨᠢ ᠤᠯᠠᠮᠵᠢᠯᠠᠨ ᠲᠠᠷᠬᠠᠭᠠᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠲᠣᠪᠴᠢᠶ᠎ᠠ ᠠᠪᠤᠨ ᠳᠣᠣᠷ᠎ᠠ ᠪᠠᠨ ᠬᠦᠳᠡᠯᠦᠯᠴᠡᠵᠦ᠂ ᠠᠰᠠᠭᠤᠳᠠᠯ ᠲᠠᠢ ᠸᠠᠺᠼᠢᠨ ᠢ ᠵᠢᠭᠰᠠᠭᠠᠨ ᠪᠠᠶᠢᠴᠠᠭᠠᠬᠤ ᠠᠵᠢᠯ ᠢ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠢᠳᠡᠪᠬᠢᠲᠡᠶ ᠦᠷᠨᠢᠭᠦᠯᠬᠦ ᠬᠡᠷᠡᠭᠲᠡᠢ ᠭᠡᠪᠡ᠃      ᠣᠳᠣᠬᠠᠨ ᠪᠣᠯᠲᠠᠯ᠎ᠠ᠂ ᠪᠥᠬᠦ ᠣᠷᠣᠨ ᠤ ᠡᠯ᠎ᠡ ᠭᠠᠵᠠᠷ ᠨᠡᠶᠢᠳᠡᠮ ᠪᠠᠶᠢᠴᠠᠭᠠᠯᠲᠠ ᠥᠷᠨᠢᠭᠦᠯᠵᠦ᠂ ᠪᠦᠬᠦ ᠣᠷᠣᠨ ᠤ ᠡᠯ᠎ᠡ ᠰᠢᠶᠠᠩ ᠪᠠᠯᠭᠠᠰᠤᠨ ᠤ ᠳᠡᠰ ᠬᠦᠷᠲᠡᠯ᠎ᠡ ᠵᠢᠭᠰᠠᠭᠠᠨ ᠪᠠᠶᠢᠴᠠᠭᠠᠪᠠ᠃ ᠦᠨᠳᠦᠰᠦᠨ ᠪᠠᠶᠢᠳᠠᠯ ᠨᠢ ᠳᠣᠣᠷᠠᠬᠢ ᠮᠡᠲᠦ᠄      ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠳᠡᠰ᠂ ᠬᠤᠳᠠ ᠶᠢᠨ ᠲᠡᠰ ᠤᠨ ᠪᠠ ᠰᠢᠶᠠᠨ ᠤ ᠳᠡᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ11 ᠡᠷᠦᠬᠡ ᠲᠥᠪ᠂ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ︵ᠬᠡᠯᠲᠡᠰ︶᠂ ᠰᠡᠷᠭᠡᠶᠢᠯᠡᠨ ᠬᠠᠮᠠᠭᠠᠯᠠᠬᠤ ᠦᠷᠳᠡᠭᠡ ᠵᠡᠷᠭᠡ ᠲᠠᠷᠢᠯᠭ᠎ᠠ ᠬᠢᠬᠦ 94 ᠴᠢᠭ᠋ ᠲᠤ ᠪᠦᠬᠦ ᠰᠢᠰᠲ᠋ᠧᠮ ᠤᠨ ᠪᠠᠶᠢᠴᠠᠭᠠᠯᠲᠠ ᠬᠢᠵᠦ᠂ ᠠᠰᠠᠭᠤᠳᠠᠯ ᠲᠠᠢ ᠸᠠᠺᠼᠢᠨ ᠢ ᠣᠯᠵᠤ ᠢᠯᠡᠷᠡᠭᠦᠯᠦᠭᠰᠡᠨ ᠦᠭᠡᠢ᠃      3 ᠳ᠋ᠤᠭᠠᠷ ᠰᠠᠷ᠎ᠠ ᠶᠢᠨ 21᠎ ᠤ ᠡᠳᠦᠷ ᠪᠣᠯᠲᠠᠯ᠎ᠠ᠂ ᠪᠤᠭᠤᠲᠤ ᠬᠤᠳᠠ ᠨᠡᠶᠢᠲᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ11 ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ 20 ᠲᠥᠪ᠂ ᠡᠬᠡ ᠨᠢᠯᠬᠠᠰ ᠤᠨ ᠡᠷᠡᠭᠦᠯᠵᠢᠯ ᠤᠨ 2 ᠭᠠᠵᠠᠷ᠂ ᠪᠤᠭᠤᠲᠤ ᠶᠢᠨ ᠤᠯᠠᠨ ᠤᠯᠤᠰ ᠤᠨ ᠵᠢᠭᠤᠯᠴᠢᠯᠠᠯ ᠤᠨ ᠡᠷᠡᠭᠦᠯ ᠬᠠᠮᠠᠭᠠᠯᠠᠯ ᠤᠨ ᠡᠷᠡᠭᠦᠯ ᠮᠡᠨᠳᠦ ᠶᠢ ᠬᠠᠮᠠᠭᠠᠯᠠᠬᠤ 1 ᠲᠦᠪ᠂12 ᠡᠷᠡᠭᠦᠯ ᠬᠠᠮᠠᠭᠠᠯᠠᠯ ᠤᠨ ᠬᠤᠷᠢᠶ᠎ᠠ᠂ ᠣᠷᠣᠨ ᠤ ᠲᠡᠰ ᠤᠨ11 ᠡᠮᠨᠡᠯᠭᠡ ᠶᠢᠨ ᠬᠤᠷᠢᠶ᠎ᠠ᠂ ᠡᠮ ᠤᠨ ᠵᠦᠢᠯ ᠢ ᠪᠥᠭᠡᠮ ᠢᠶᠠᠷ ᠬᠤᠳᠠᠯᠳᠤᠬᠤ1ᠠᠵᠤ ᠠᠬᠤᠶᠢᠯᠠᠯ ᠢ ᠪᠠᠶᠢᠴᠠᠭᠠᠪᠠ᠃  ᠪᠠᠶᠢᠴᠠᠭᠠᠯᠲᠠ ᠳᠤ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠦᠪ ᠤᠨ ᠭᠤᠣᠯ ᠬᠤᠳᠠᠯᠳᠤᠨ ᠠᠪᠤᠭᠰᠠᠨ ᠸᠠᠺᠼᠢᠨ ᠢ ᠴᠥᠮ ᠪᠤᠭᠤᠲᠤ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠰᠢᠭᠤᠳ ᠰᠢᠯᠵᠢᠭᠦᠯᠦᠨ ᠦᠭᠴᠦ᠂ ᠲᠤᠰ ᠲᠥᠪ ᠤᠨ ᠸᠠᠺᠼᠢᠨ ᠢ ᠰᠢᠯᠵᠢᠭᠦᠯᠦᠨ ᠣᠷᠣᠭᠤᠯᠤᠭᠰᠠᠨ ᠪᠠ ᠬᠤᠪᠢᠶᠠᠨ ᠲᠠᠷᠬᠠᠭᠠᠭᠰᠠᠨ ᠲᠡᠮᠳᠡᠭᠯᠡᠯ ᠪᠦᠷᠢᠨ ᠪᠦᠲᠦᠨ᠂ ᠸᠠᠺᠼᠢᠨ ᠢ ᠪᠦᠷ ᠬᠦᠢᠲᠡᠨ ᠬᠥᠮᠥᠷᠭᠡ ᠳᠣᠲᠣᠷ᠎ᠠ ᠬᠠᠳᠠᠭᠠᠯᠠᠵᠤ᠂ ᠬᠦᠢᠲᠡᠨ ᠬᠥᠮᠥᠷᠭᠡ ᠶᠢ ᠪᠠᠶᠢᠴᠠᠭᠠᠬᠤ ᠦᠶ᠎ᠡ ᠶᠢᠨ ᠪᠤᠲᠠᠲᠠᠢ ᠳᠤᠯᠠᠭᠠᠨ ᠤ ᠬᠡᠮᠵᠢᠶ᠎ᠡ ᠨᠢ 4.6 ℃ ᠪᠠᠶᠢᠵᠤ᠂ ᠲᠤᠰ ᠲᠥᠪ ᠬᠦᠢᠲᠡᠨ ᠬᠦᠮᠦᠷᠭᠡ ᠶᠢᠨ ᠳᠤᠯᠠᠭᠠᠨ ᠢ ᠬᠡᠮᠵᠢᠭᠰᠡᠨ ᠲᠡᠮᠳᠡᠭᠯᠡᠯ ᠲᠠᠢ ᠪᠠᠶᠢᠪᠠ᠃      ᠤᠯᠠᠭᠠᠨᠴᠠᠪ ᠬᠤᠳᠠ ᠳᠤ᠂ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠰᠦᠪᠡᠭᠴᠢ ᠶᠢᠨ ᠬᠥᠮᠦᠨ ᠳᠠᠩ ᠳ᠋ᠦᠩ ᠱᠧᠩ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ ᠶᠠᠭ ᠤᠳᠤ ᠬᠠᠤᠯᠢ ᠶᠣᠰᠣᠭᠠᠷ ᠰᠢᠢᠳᠪᠦᠷᠢᠯᠡᠵᠦ ᠪᠠᠶᠢᠨ᠎ᠠ᠃ ᠣᠳᠣᠬᠠᠨ ᠳᠤ ᠲᠠᠩ ᠳ᠋ᠦᠩ ᠱᠧᠩ 9 ᠬᠥᠮᠦᠨ ᠳᠤ ᠬᠠᠤᠯᠢ ᠪᠤᠰᠤ ᠪᠠᠷ ᠸᠠᠺᠼᠢᠨ ᠬᠤᠳᠠᠯᠳᠤᠨ ᠦᠭᠭᠦᠭᠰᠡᠨ ᠢ ᠨᠢᠭᠡᠨᠲᠡ ᠪᠠᠶᠢᠴᠠᠭᠠᠨ ᠲᠤᠳᠤᠷᠬᠠᠶᠢᠯᠠᠪᠠ᠃ ᠤᠯᠠᠭᠠᠨᠴᠠᠪ ᠬᠤᠲᠠ ᠶᠢᠨ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠶᠠᠭ ᠪᠤᠰᠤᠳ ᠬᠡᠷᠡᠭ ᠲᠤ ᠬᠤᠯᠪᠣᠭᠳᠠᠭᠰᠠᠨ ᠬᠦᠮᠦᠨ ᠳᠤ ᠪᠠᠶᠢᠴᠠᠭᠠᠯᠲᠠ ᠬᠢᠵᠦ ᠪᠠᠶᠢᠨ᠎ᠠ᠃ ᠳᠤᠰ ᠤᠳᠠᠭᠠᠨ ᠤ ᠪᠠᠶᠢᠴᠠᠭᠠᠯᠲᠠ ᠳᠤ᠂ ᠪᠦᠬᠦ ᠤᠯᠠᠭᠠᠨᠴᠠᠪ ᠬᠤᠲᠠ ᠶᠢᠨ ᠤᠯᠤᠰ ᠤᠨ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ 11 ᠲᠥᠪ᠂ 38 ᠡᠮᠴᠢᠯᠡᠭᠡᠨ ᠤ ᠪᠠᠶᠢᠭᠤᠯᠤᠮᠵᠢ ᠶᠢ ᠵᠢᠭᠰᠠᠭᠠᠨ ᠪᠠᠶᠢᠴᠠᠭᠠᠪᠠ᠃      ᠤᠯᠠᠭᠠᠨᠬᠠᠳᠠ ᠬᠤᠲᠠ ᠦᠳᠲᠡᠷ ᠲᠦᠷᠭᠡᠨ ᠵᠢᠭᠰᠠᠭᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ 42 ᠲᠥᠪ᠂ ᠲᠠᠷᠢᠯᠭ᠎ᠠ ᠬᠢᠬᠦ ᠴᠢᠭ᠋᠂ ᠡᠵᠡᠩᠨᠡᠯᠲᠡ ᠶᠢᠨ ᠨᠢᠭᠡᠴᠡ ᠳᠤ ᠪᠠᠶᠢᠴᠠᠭᠠᠯᠲᠠ ᠬᠢᠵᠦ᠂ ᠨᠡᠶᠢᠲᠡᠯᠡᠭᠰᠡᠨ ᠪᠦᠲᠦᠭᠡᠭᠲᠦᠨ ᠤ ᠲᠦᠷᠦᠯ ᠵᠦᠢᠯ ᠢ ᠲᠦᠷ ᠢᠯᠡᠷᠡᠭᠦᠯᠦᠭᠰᠡᠨ ᠦᠭᠡᠢ᠃ ᠲᠤᠰ ᠬᠤᠲᠠ ᠶᠢᠨ ᠢᠳᠡᠭᠡᠨ ᠡᠮ ᠤᠨ ᠵᠦᠢᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠨᠢᠭᠡᠨᠲᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠱᠠᠨᠳᠦ᠋ᠩ ᠮᠤᠵᠢ ᠶᠢᠨ ᠲᠣᠪᠴᠢᠶ᠎ᠠ ᠶᠢᠨ ᠰᠦᠪᠡᠭᠴᠢ ᠳᠤ ᠨᠡᠶᠢᠲᠡᠯᠡᠭᠰᠡᠨ ᠵᠠᠩ ᠭᠥᠸᠧ ᠷᠤᠩ ᠵᠡᠷᠭᠡ ᠬᠤᠳᠠᠯᠳᠤᠨ ᠠᠪᠤᠭᠴᠢᠳ ᠢ ᠦᠷᠭᠦᠯᠵᠢᠯᠡᠨ ᠨᠡᠬᠡᠮᠵᠢᠯᠡᠨ ᠪᠠᠶᠢᠴᠠᠭᠠᠭᠰᠠᠨ ᠪᠤᠯᠪᠠᠴᠤ ᠮᠦᠨ ᠡᠷᠢᠵᠦ ᠣᠯᠤᠭᠠᠳᠤᠶ ᠪᠠᠶᠢᠭᠰᠠᠭᠠᠷ᠂ ᠬᠤᠳᠡ ᠶᠢᠨ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠵᠢᠭᠰᠠᠭᠠᠨ ᠪᠠᠶᠢᠴᠠᠭᠠᠯᠲᠠ ᠮᠦᠨ ᠦᠷᠭᠦᠯᠵᠢᠯᠡᠭᠰᠡᠭᠡᠷ ᠪᠠᠶᠢᠨ᠎ᠠ᠃      ᠰᠢᠯᠢ ᠶᠢᠨ ᠭᠤᠣᠯ ᠠᠶᠢᠮᠠᠭ ᠪᠦᠬᠦ ᠠᠶᠢᠮᠠᠭ ᠤᠨ ᠬᠠᠤᠯᠢ ᠪᠤᠰᠤ ᠸᠠᠺᠼᠢᠨ ᠢ ᠵᠢᠭᠰᠠᠭᠠᠨ ᠪᠠᠶᠢᠴᠠᠭᠠᠬᠤ ᠲᠤᠰᠬᠠᠢ ᠠᠵᠢᠯ ᠤᠨ ᠬᠤᠷᠠᠯ ᠬᠤᠷᠠᠯᠳᠤᠵᠤ᠂ ᠲᠤᠰᠬᠠᠶ ᠵᠢᠭᠰᠠᠭᠠᠨ ᠪᠠᠶᠢᠴᠠᠭᠠᠬᠤ ᠤᠳᠤᠷᠢᠳᠬᠤ ᠳᠤᠭᠤᠶᠢᠯᠠᠩ ᠪᠠᠶᠢᠭᠤᠯᠪᠠ᠃ ᠲᠤᠰ ᠠᠶᠢᠮᠠᠭ ᠤᠨ ᠸᠠᠺᠼᠢᠨ ᠬᠡᠷᠡᠭᠯᠡᠬᠦ ᠨᠢᠭᠡᠴᠡ ᠨᠡᠶᠢᠲᠡ168 ᠪᠠᠶᠢᠵᠤ᠂ ᠸᠠᠺᠼᠢᠨ ᠬᠡᠷᠡᠭᠯᠡᠬᠦ 70 ᠨᠢᠭᠡᠴᠡ ᠶᠢ ᠨᠢᠭᠡᠨᠲᠡ ᠪᠠᠶᠢᠴᠠᠭᠠᠵᠠᠢ᠂ ᠡᠭᠦᠨ ᠳᠤ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ12 ᠲᠥᠪ᠂ ᠰᠢᠶᠠᠨ ᠤ ᠱᠠᠲᠤᠨ ᠠᠴᠠ ᠳᠡᠭᠡᠭᠰᠢᠬᠢ10 ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ 48 ᠲᠥᠪ ᠪᠣᠯᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠨ᠎ᠠ᠃ ᠤᠯᠤᠰ ᠤᠨ ᠶᠡᠷᠦᠩᠬᠡᠶ ᠲᠣᠪᠴᠢᠶᠠᠨ ᠤ ᠨᠡᠶᠢᠲᠡᠯᠡᠭᠰᠡᠨ ᠥᠪᠥᠷ ᠮᠣᠩᠭᠤᠯ ᠤᠨ ᠬᠤᠳᠠᠯᠳᠤᠨ ᠠᠪᠤᠭᠴᠢ ᠵᠠᠩ ᠭᠥᠸᠧ ᠷᠦᠩ᠂ ᠲᠠᠩ ᠳ᠋ᠦᠩ ᠱᠧᠩ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠭᠰᠠᠨ ᠤ ᠬᠠᠮᠲᠤ ᠪᠤᠰᠤᠳ ᠰᠦᠪᠡᠭᠴᠢ ᠶᠢ ᠴᠦ ᠬᠢᠨᠠᠨ ᠪᠠᠶᠢᠴᠠᠭᠠᠪᠠ᠃ ᠬᠢᠨᠠᠨ ᠪᠠᠶᠢᠴᠠᠭᠠᠯᠲᠠ ᠪᠠᠷ ᠮᠡᠳᠡᠭᠰᠡᠨ ᠨᠢ᠂ ᠪᠡᠭᠡᠵᠢᠩ ᠤᠨ ᠵᠦᠩ ᠸᠧᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠤᠯᠢ ᠶᠢᠨ ᠡᠷᠬᠡᠲᠡᠨ ᠤ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠡᠭᠡᠨ ᠵᠠᠩ ᠭᠥᠸᠧ ᠷᠦᠩ ᠢ ᠲᠤᠰ ᠺᠣᠮᠫᠠᠨᠢ ᠪᠣᠯᠤᠨ ᠰᠢᠯᠢ ᠶᠢᠨ ᠬᠤᠲᠠ ᠶᠢᠨ ᠡᠪᠡᠳᠴᠢᠨ ᠬᠢᠵᠢᠭ ᠰᠡᠷᠭᠡᠶᠢᠯᠡᠨ ᠬᠢᠵᠠᠭᠠᠷᠯᠠᠬᠤ ᠲᠥᠪ ᠤᠨ ᠦᠢᠯᠡᠳᠬᠦᠨ ᠤ ᠲᠤᠬᠠᠶᠢᠯᠠᠭᠰᠠᠨ ᠠᠵᠢᠯ ᠤᠨ ᠣᠷᠣᠯᠠᠭᠴᠢ ᠪᠠᠷ ᠨᠠᠶᠢᠳᠠᠵᠠᠢ᠃ ᠪᠤᠷᠤᠯᠠᠭᠤᠯᠭ᠎ᠠ ᠶᠢᠨ ᠪᠠᠶᠢᠳᠠᠯ ᠢ ᠤᠯᠠᠮ ᠨᠢᠭᠡ ᠠᠯᠬᠤᠮ ᠬᠢᠨᠠᠨ ᠪᠠᠶᠢᠴᠠᠭᠠᠵᠤ ᠪᠠᠶᠢᠨ᠎ᠠ᠃      ᠥᠪᠥᠷ ᠮᠣᠩᠭᠤᠯ ᠳᠤ ᠪᠦᠬᠦᠢ ᠸᠠᠺᠼᠢᠨ ᠡᠵᠡᠩᠨᠡᠬᠦ ᠬᠢᠷᠢ ᠬᠡᠮ ᠲᠠᠢ ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠨᠡᠶᠢᠳᠡ 4  ᠪᠤᠢ᠂ ᠲᠤᠰ ᠲᠤᠰ ᠪᠤᠭᠤᠲᠤ ᠬᠤᠲᠠ ᠶᠢᠨ ᠣᠣ ᠺᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠦ ᠵᠧᠦ ᠲᠦᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠲᠦᠩᠯᠢᠶᠣᠤ ᠬᠤᠲᠠ ᠶᠢᠨ ᠽᠧ ᠴᠢᠶᠠᠩ ᠡᠮ ᠡᠮᠨᠡᠯᠭᠡ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠲᠦᠩᠯᠢᠶᠣᠤ ᠬᠤᠲᠠ ᠶᠢᠨ ᠳ᠋ᠦᠩ ᠹᠠᠩ ᠯᠢ ᠴᠢᠶᠦᠨ ᠡᠮ ᠤᠨ ᠵᠦᠢᠯ ᠤᠨ ᠬᠢᠵᠠᠭᠠᠷᠲᠤ ᠺᠣᠮᠫᠠᠨᠢ ᠵᠡᠷᠭᠡ ᠪᠤᠯᠤᠨ᠎ᠠ᠃ ᠵᠢᠭᠰᠠᠭᠠᠨ ᠪᠠᠶᠢᠴᠠᠭᠠᠭᠰᠠᠨ ᠢᠶᠠᠷ᠂ ᠬᠥᠬᠡᠬᠤᠲᠠ᠂ ᠪᠤᠭᠤᠲᠤ ᠬᠤᠲᠠ ᠶᠢᠨ 2 ᠠᠵᠤ ᠠᠬᠤᠶᠢᠯᠠᠯ 2015 ᠣᠨ ᠠᠴᠠ ᠬᠤᠶᠢᠰᠢ ᠸᠠᠺᠼᠢᠨ ᠬᠤᠳᠠᠯᠳᠤᠨ ᠠᠪᠤᠭᠰᠠᠨ ᠦᠭᠡᠢ᠃ ᠳᠡᠭᠡᠷ᠎ᠡ ᠳᠤᠷᠠᠳᠤᠭᠰᠠᠨ ᠨᠢᠭᠡᠴᠡ ᠶᠢᠨ ᠬᠤᠳᠠᠯᠳᠤᠨ ᠠᠪᠤᠭᠰᠠᠨ ᠸᠠᠺᠼᠢᠨ ᠨᠢ ᠪᠦᠷ ᠪᠠᠷᠠᠭ᠎ᠠ ᠬᠠᠩᠭᠠᠭᠴᠢ ᠶᠢᠨ ᠬᠢᠷᠢ ᠬᠡᠮ ᠲᠠᠢ ᠪᠠᠶᠢᠵᠤ᠂  ᠱᠠᠨᠳᠦ᠋ᠩ ᠤᠨ ᠬᠥᠯᠳᠡᠭᠡᠨ ᠬᠠᠳᠠᠭᠠᠯᠠᠭᠰᠠᠨ ᠦᠭᠡᠢ ᠬᠤᠶᠠᠷ ᠵᠦᠢᠯ ᠤᠨ ᠸᠠᠺᠼᠢᠨ ᠢ ᠬᠤᠳᠠᠯᠳᠤᠨ ᠣᠷᠣᠭᠤᠯᠵᠤ ᠬᠡᠷᠡᠭᠯᠡᠭᠰᠡᠨ ᠢ ᠲᠦᠷ ᠢᠯᠡᠷᠡᠭᠦᠯᠦᠭᠰᠡᠨ ᠦᠭᠡᠢ᠃ ᠪᠥᠬᠦ ᠣᠷᠣᠨ ᠤ ᠡᠯ᠎ᠡ ᠠᠶᠢᠮᠠᠭ ᠬᠤᠳᠠ ᠳᠤ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ ᠠᠴᠠ ᠪᠤᠰᠤᠳ ᠠᠶᠢᠮᠠᠭ ᠬᠤᠲᠠ ᠨᠤᠭᠤᠳ ᠠᠰᠠᠭᠤᠳᠠᠯ ᠲᠠᠢ ᠸᠠᠺᠼᠢᠨ ᠢ ᠲᠦᠷ ᠢᠯᠡᠷᠡᠭᠦᠯᠦᠭᠰᠡᠨ ᠦᠭᠡᠢ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠤᠯᠢ ᠪᠤᠰᠤ ᠪᠠᠷ ᠸᠠᠺᠼᠢᠨ ᠬᠤᠳᠠᠯᠳᠤᠨ ᠠᠪᠬᠤ ᠪᠠ ᠪᠤᠷᠤᠯᠠᠭᠤᠯᠤᠭᠰᠠᠨ ᠪᠠᠶᠢᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠯᠪᠣᠭᠳᠠᠯ ᠪᠦᠬᠦᠢ ᠠᠵᠢᠯ ᠤᠨ ᠠᠬᠢᠴᠠ ᠪᠠᠨ ᠨᠡᠶᠢᠭᠡᠮ ᠨᠡᠶᠢᠲᠡ ᠳᠤ ᠴᠠᠭ ᠲᠤᠬᠠᠶ ᠳᠤᠨᠢ ᠮᠡᠳᠡᠭᠳᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号