ᠤᠢᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠢᠶᠠᠷ | ᠶᠠᠳᠠᠭᠤ ᠶᠢ ᠳᠡᠳᠬᠦᠵᠦ ᠠᠷᠠᠳ ᠲᠤ ᠠᠰᠢᠭ ᠬᠦᠷᠲᠡᠭᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠢ ᠪᠠᠶᠠᠵᠢᠭᠤᠯᠵᠤ ᠰᠢᠶᠠᠨ ᠢ ᠬᠦᠴᠦᠷᠬᠡᠭᠵᠢᠭᠦᠯᠬᠦ ᠲᠥᠯᠥᠪᠯᠡᠭᠡ︾ ︽ | ᠤᠴᠢ ᠶᠢᠨ ᠭᠠᠯ ᠲᠥᠯᠥᠪᠯᠡᠭᠡ︾ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠳᠠᠯ | ᠦᠢᠯᠡᠰ ᠴᠣᠭᠴᠠᠯᠠᠬᠤ ᠠᠵᠢᠯᠯᠠᠭ᠎ᠠ ᠶᠢᠨ ᠲᠥᠯᠥᠪᠯᠡᠭᠡ︾ ᠪᠣᠯᠤᠨ ᠶᠠᠳᠠᠭᠤ ᠶᠢ ᠣᠨᠣᠪᠴᠢᠲᠠᠢ ᠪᠠᠷ ᠲᠡᠳᠬᠦᠬᠦ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠮᠠᠯᠵᠢᠬᠤ ᠲᠠᠷᠢᠶᠠᠯᠠᠬᠤ ᠣᠷᠣᠨ ᠢ ᠬᠠᠪᠰᠤᠷᠤᠨ | ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠨᠡᠩ ᠣᠯᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠲᠠᠷᠢᠶᠠᠯᠠᠩ | ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠢ | ᠨᠡᠮᠡᠭᠳᠡᠭᠦᠯᠪᠡ᠃ ᠪᠦᠷᠢᠳᠬᠡᠯ ᠢ ᠦᠨᠳᠦᠰᠦᠯᠡᠪᠡᠯ᠂ ︽12· 5︾ ᠶᠢᠨ ᠬᠤᠭᠤᠴᠠᠭᠠᠨ ᠳᠤ᠂ ᠥᠪᠡᠷᠲᠡᠭᠡᠨ | ᠵᠠᠰᠠᠬᠤ ᠣᠷᠣᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠢ ᠪᠠᠶᠠᠵᠢᠭᠤᠯᠵᠤ ᠰᠢᠶᠠᠨ ᠢ | ᠬᠦᠴᠦᠷᠬᠡᠭᠵᠢᠭᠦᠯᠬᠦ ᠲᠤᠰᠬᠠᠶ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ | ᠣᠷᠣᠨ ᠤ 45 ᠤᠯᠤᠰ ᠤᠨ ᠳᠡᠰ ᠤᠨ ᠶᠠᠳᠠᠭᠤ ᠰᠢᠶᠠᠨ ᠪᠣᠯᠣᠨ ᠣᠷᠣᠨ ᠤ ᠳᠡᠰ ᠤᠨ ᠶᠠᠳᠠᠭᠤ ᠰᠢᠶᠠᠨ ᠢ ᠳᠡᠮᠵᠢᠵᠦ᠂ | ᠲᠥᠷᠥᠯ ᠵᠦᠢᠯ ᠤᠨ ᠲᠣᠭᠤᠷᠢᠭ ᠲᠤ ᠨᠡᠶᠢᠲᠡ 961 ᠵᠦᠢᠯ ᠤᠨ ᠰᠢᠨ᠎ᠡ ᠮᠡᠷᠭᠡᠵᠢᠯ ᠢ ᠳᠡᠯᠭᠡᠷᠡᠭᠦᠯᠦᠨ᠂ ᠮᠠᠯᠴᠢᠨ | ᠲᠠᠷᠢᠶᠠᠴᠢᠳ ᠢ 142.7 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ 256᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠠᠪᠴᠠᠩ ᠢ 275 ᠪᠠᠶᠢᠭᠤᠯᠵᠤ᠂ | ᠮᠠᠯᠴᠢᠨ ᠲᠠᠷᠢᠶᠠᠴᠢᠳ ᠤᠨ ᠲᠤᠰᠬᠠᠶ ᠮᠡᠷᠭᠡᠵᠢᠯ ᠤᠨ 381 ᠨᠡᠶᠢᠭᠡᠮᠯᠢᠭ ᠢ ᠰᠢᠨ᠎ᠡ ᠪᠠᠷ ᠵᠣᠬᠢᠶᠠᠨ ᠪᠠᠶᠢᠭᠤᠯᠵᠤ᠂ | ᠮᠠᠯᠴᠢᠨ ᠲᠠᠷᠢᠶᠠᠴᠢᠳ ᠤᠨ ᠮᠡᠷᠭᠡᠵᠢᠯ ᠤᠨ ᠬᠤᠷᠰᠢᠯᠴᠠᠭᠠᠨ ᠤ 533 ᠵᠣᠬᠢᠶᠠᠨ ᠪᠠᠶᠢᠭᠤᠯᠤᠯᠲᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠥᠷᠥᠯ ᠵᠦᠢᠯ ᠳᠤ ᠰᠢᠭᠤᠳ ᠣᠷᠣᠯᠴᠠᠭᠰᠠᠨ ᠮᠠᠯᠴᠢᠨ ᠲᠠᠷᠢᠶᠠᠴᠢᠨ ᠬᠥᠮᠦᠨ ᠪᠦᠷᠢ ᠶᠢᠨ | ᠳᠤᠮᠳᠠᠴᠢ ᠣᠷᠣᠯᠭ᠎ᠠ ᠨᠢ 3823 ᠲᠦᠬᠦᠷᠢᠭ ᠨᠡᠮᠡᠭᠳᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠴᠢ ᠶᠢᠨ ᠭᠠᠯ ᠲᠥᠯᠥᠪᠯᠡᠭᠡ ᠶᠢᠨ ᠲᠦᠷᠦᠯ ᠵᠦᠢᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ︽ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠱᠢᠶ᠎ᠡ︾ ᠪᠣᠯᠣᠨ ᠣᠴᠢ ᠶᠢᠨ ᠭᠠᠯ ᠰᠢᠨᠵᠢᠯᠡᠬᠦ ᠤᠬᠠᠭᠠᠨ ᠮᠡᠷᠭᠡᠵᠢᠯ ᠤᠨ ︽12369 ︾ | ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠭᠤᠳ ᠤᠲᠠᠰᠤ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ | ᠰᠢᠯᠵᠢᠯᠲᠡ ᠶᠢᠨ ︽ᠮᠡᠳᠡᠭᠡ ᠵᠠᠩᠭᠢ ᠦᠢᠯᠡᠴᠢᠯᠡᠭᠡ ᠶᠢᠨ ᠨᠡᠪᠲᠡᠷᠡᠭᠦᠯᠦᠯ︾ ᠵᠡᠷᠭᠡ ᠪᠠᠷ ᠭᠤᠣᠯ ᠠᠭᠤᠯᠭ᠎ᠠ ᠪᠠᠨ | ᠪᠣᠯᠭᠠᠭᠰᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠯᠲᠠ ᠶᠢᠨ | ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢ ᠦᠷᠨᠢᠭᠦᠯᠵᠦ᠂ ︽ᠺᠣᠮᠫᠠᠨᠢ + ᠬᠤᠷᠰᠢᠶ᠎ᠠ + ᠰᠠᠭᠤᠷᠢᠨ | ᠭᠠᠵᠠᠷ + ᠲᠡᠷᠢᠵᠤ ᠲᠡᠵᠢᠭᠡᠬᠦ ᠡᠷᠥᠭᠡ︾ ᠪᠣᠯᠣᠨ ︽ᠠᠵᠤ ᠠᠬᠤᠶᠢᠯᠠᠯ + ᠲᠠᠷᠢᠶᠠᠴᠢᠨ ᠡᠷᠤᠭᠡ + ᠰᠠᠭᠤᠷᠢᠨ | ᠭᠠᠵᠠᠷ︾ ᠠᠵᠤ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠵᠠᠭᠪᠤᠷᠰᠢᠯ᠂ ︽ᠲᠤᠰᠬᠠᠶ ᠮᠡᠷᠭᠡᠵᠢᠯᠲᠡᠨ | ᠵᠢᠯᠣᠭᠤᠳᠬᠤ + ᠪᠣᠯᠪᠠᠰᠤᠷᠠᠭᠤᠯᠬᠤ︾ ᠪᠠ ︽ᠬᠠᠷᠠᠭᠠᠨ ᠳᠠᠪᠲᠠᠮᠵᠢ + ᠬᠢᠴᠢᠶᠡᠯ︾ ᠤᠨ ᠮᠡᠷᠭᠡᠵᠢᠯ ᠤᠨ | ᠪᠣᠯᠪᠠᠰᠤᠷᠠᠭᠤᠯᠤᠯ ᠤᠨ ᠵᠠᠭᠪᠤᠷᠰᠢᠯ᠂ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ + | ᠬᠦᠷᠢᠶᠡᠯᠡᠩ ᠲᠣᠭᠤᠷᠢᠭ + ᠲᠠᠷᠢᠶᠠᠴᠢᠨ ᠡᠷᠤᠭᠡ + ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ︾᠂ ︽ | ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ + ᠨᠡᠶᠢᠭᠡᠮᠯᠢᠭ + ᠮᠠᠯᠵᠢᠬᠤ ᠲᠠᠷᠢᠶᠠᠯᠠᠬᠤ ᠡᠷᠦᠬᠡ︾ ᠶᠢᠨ | ᠮᠡᠷᠭᠡᠵᠢᠯ ᠤᠨ ᠦᠢᠯᠡᠴᠢᠯᠡᠭᠡᠨ ᠤ ᠵᠠᠭᠪᠤᠷᠰᠢᠯ ᠢ ᠪᠦᠷᠢᠯᠳᠦᠭᠦᠯᠵᠦ᠂ ᠲᠡᠷᠢᠭᠦᠨ ᠤ᠂ ᠲᠣᠬᠢᠷᠠᠮᠵᠢᠲᠠᠶ ᠰᠢᠨ᠎ᠡ ᠮᠡᠷᠭᠡᠵᠢᠯ᠂ | ᠰᠢᠨ᠎ᠡ ᠡᠭᠦᠯᠳᠡᠷ᠂ ᠰᠢᠨ᠎ᠡ ᠪᠡᠯᠡᠳᠬᠡᠮᠵᠢ ᠶᠢ ᠣᠷᠣᠭᠤᠯᠤᠨ ᠠᠪᠴᠢᠷᠠᠬᠤ᠂ ᠵᠢᠱᠢᠶ᠎ᠡ ᠦᠵᠡᠭᠦᠯᠬᠦ᠂ ᠳᠡᠯᠭᠡᠷᠡᠭᠦᠯᠦᠨ | ᠪᠣᠯᠪᠠᠰᠤᠷᠠᠭᠤᠯᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ | ᠶᠠᠳᠠᠭᠤ ᠠᠴᠠ ᠠᠩᠭᠢᠵᠢᠷᠠᠨ ᠪᠠᠶᠠᠵᠢᠬᠤ ᠴᠢᠳᠠᠪᠤᠷᠢ ᠶᠢ ᠨᠢ ᠶᠡᠬᠡᠪᠡᠷ ᠳᠡᠭᠡᠭᠰᠢᠯᠡᠭᠦᠯᠪᠡ᠃ | ᠤᠢᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢᠨ ᠲᠥᠯᠥᠪᠯᠡᠭᠡ ᠶᠢ | ᠶᠡᠬᠡᠪᠡᠷ ᠲᠦᠯᠬᠢᠨ ᠠᠬᠢᠭᠤᠯᠵᠤ᠂ ᠠᠯᠠᠰᠢᠨ ᠦᠬᠡᠷ᠂ ᠢᠳᠡᠰᠢᠨ ᠬᠤᠨᠢ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ | ᠤᠰᠤᠨ ᠲᠤᠲᠤᠷᠭ᠎ᠠ᠂ ᠰᠢᠬᠢᠷ ᠡᠪᠡᠰᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ | ᠠᠳᠠᠯ ᠦᠢᠯᠡᠰ ᠴᠣᠭᠴᠠᠯᠠᠬᠤ 8 ᠬᠡᠯᠬᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ | ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ 29 ᠰᠠᠭᠤᠷᠢᠨ ᠭᠠᠵᠠᠷ ᠢ ᠬᠠᠮᠲᠤ ᠪᠠᠷ ᠴᠣᠭᠴᠠᠯᠠᠨ ᠪᠠᠶᠢᠭᠤᠯᠵᠤ᠂ | 43 ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ 61 ᠡᠯ᠎ᠡ ᠵᠦᠢᠯ ᠤᠨ ᠬᠤᠷᠰᠢᠶ᠎ᠠ ᠪᠣᠯᠣᠨ | ᠨᠡᠶᠢᠭᠡᠮᠯᠢᠭ ᠢ ᠤᠳᠤᠷᠢᠳᠤᠨ ᠡᠷᠬᠢᠯᠡᠬᠦ ᠪᠤᠶᠤ ᠳᠠᠭᠠᠭᠤᠯᠤᠨ ᠡᠷᠬᠢᠯᠡᠵᠦ᠂ 32000 ᠰᠢᠬᠠᠮ ᠡᠷᠤᠬᠡ ᠮᠠᠯᠴᠢᠨ | ᠲᠠᠷᠢᠶᠠᠴᠢᠨ ᠢ ᠳᠠᠶᠢᠴᠢᠯᠠᠨ ᠪᠠᠶᠠᠵᠢᠭᠤᠯᠪᠠ᠃ | 2014 ᠣᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠦᠷ᠎ᠡ ᠪᠦᠲᠦᠭᠡᠯ ᠢ ᠡᠮᠬᠢᠳᠬᠡᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯ ᠲᠠᠢ ᠰᠢᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠪᠠᠶᠢᠭᠤᠯᠬᠤ ᠳᠤ ᠳᠡᠮᠵᠢᠯᠭᠡ ᠦᠵᠡᠭᠦᠯᠵᠡᠢ᠃ ᠤᠯᠠᠭᠠᠨᠴᠠᠪ ᠬᠤᠲᠠ ᠳᠤ ᠭᠠᠵᠠᠷ ᠲᠠᠷᠢᠶ᠎ᠠ ᠶᠢ | ᠥᠨᠳᠥᠷ ᠪᠦᠲᠦᠮᠵᠢᠲᠡᠶ ᠪᠠᠷ ᠰᠣᠯᠢᠯᠴᠠᠬᠤ ᠪᠠ ᠡᠷᠭᠢᠯᠳᠦᠭᠦᠯᠬᠦ ᠵᠠᠭᠪᠤᠷᠰᠢᠯ ᠢ ᠬᠡᠷᠡᠭᠵᠢᠭᠦᠯᠵᠦ᠂ ᠬᠥᠳᠡᠭᠡ ᠠᠵᠤ | ᠠᠬᠤᠶ ᠶᠢᠨ ᠦᠢᠯᠡᠳᠪᠦᠷᠢᠯᠡᠯ ᠢ ᠬᠡᠪᠴᠢᠶᠡᠵᠢᠭᠦᠯᠦᠨ ᠡᠷᠴᠢᠮᠵᠢᠭᠦᠯᠪᠡ᠃ ᠬᠢᠩᠭᠠᠨ ᠠᠶᠢᠮᠠᠭ ᠲᠤ ᠲᠠᠷᠢᠶᠠᠮᠠᠯ | ᠲᠡᠵᠢᠭᠡᠪᠦᠷᠢ ᠶᠢ ᠤᠶᠠᠯᠳᠤᠭᠤᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠢᠱᠢᠶ᠎ᠡ ᠦᠵᠡᠭᠦᠯᠬᠦ ᠶᠢ | ᠬᠡᠷᠡᠭᠵᠢᠭᠦᠯᠦᠨ᠂ ᠲᠦᠩᠯᠢᠶᠣᠤ ᠬᠤᠲᠠ ᠳᠤ ᠲᠥᠮᠥᠰᠥ᠂ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠡᠯᠡᠰᠦᠷᠬᠡᠭ ᠭᠠᠵᠠᠷ ᠤᠨ ᠠᠮᠢ ᠠᠬᠤᠶ ᠶᠢᠨ ᠲᠠᠷᠢᠶᠠᠯᠠᠩ ᠮᠠᠯ ᠠᠵᠤ | ᠠᠬᠤᠶ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠵᠡᠷᠭᠡ ᠳᠠᠪᠠᠭᠤᠯᠢᠭ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠭᠠᠵᠠᠷ | ᠣᠷᠣᠨ ᠤ ᠠᠵᠤ ᠦᠢᠯᠡᠰ ᠤᠨ ᠦᠷᠢᠰᠦᠯᠳᠦᠭᠡᠨ ᠤ ᠳᠠᠪᠠᠭᠤᠯᠢᠭ ᠢ ᠴᠢᠩᠭᠠᠷᠠᠭᠤᠯᠪᠠ᠃ | ᠡᠨᠡ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢᠨ ᠶᠠᠳᠠᠭᠤ ᠶᠢ ᠲᠡᠳᠬᠦᠬᠦ ᠪᠠ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠳᠤ ᠦᠵᠡᠭᠦᠯᠬᠦ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠵᠡᠷᠭᠡ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠡᠮᠬᠢᠯᠡᠨ | ᠨᠡᠶᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠦᠳᠦᠬᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠯᠠᠨ ᠲᠦᠮᠡᠨ ᠶᠠᠳᠠᠭᠤ ᠠᠴᠠ | ᠠᠩᠭᠢᠵᠢᠷᠠᠨ ᠪᠠᠶᠠᠵᠢᠬᠤ ᠳᠤ ᠬᠦᠴᠦᠲᠡᠶ ᠪᠠᠲᠤᠯᠠᠭ᠎ᠠ ᠬᠠᠩᠭᠠᠬᠤ ᠪᠣᠯᠣᠨ᠎ᠠ ᠃ |