ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠣᠷᠴᠢᠮᠬᠠᠨ ᠳᠤ ︽2016 ᠣᠨ ᠤ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ | ᠬᠤᠯᠪᠣᠭᠳᠠᠯ ᠪᠦᠬᠦᠢ ᠤᠴᠢᠷ ᠤᠳ ᠤᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠂ ᠰᠤᠷᠪᠤᠯᠵᠢᠯᠠᠭᠴᠢ 3 | ᠰᠠᠷ᠎ᠠ ᠶᠢᠨ 22 ᠤᠨ ᠡᠳᠦᠷ ᠲᠤ ᠣᠶᠢᠯᠠᠭᠠᠵᠤ ᠮᠡᠳᠡᠭᠰᠡᠨ ᠢᠶᠠᠷ᠂ ᠲᠤᠰ ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ | ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ | ᠲᠣᠭᠲᠠᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠠᠷᠢᠶ᠎ᠠ ᠬᠤᠰᠢᠭᠤ ᠰᠢᠶᠠᠨ ︵ᠬᠤᠳᠠ᠂ | ᠲᠣᠭᠤᠷᠢᠭ︶ ᠳᠤ ᠪᠠᠨ ᠪᠠᠭᠤᠯᠭᠠᠵᠤ᠂ ᠨᠡᠶᠢᠭᠡᠮ ᠨᠡᠶᠢᠲᠡ ᠳᠤ ᠴᠠᠭ ᠲᠤᠬᠠᠶ ᠳᠤᠨᠢ ᠨᠡᠶᠢᠲᠡᠯᠡᠬᠦ ᠪᠥᠭᠡᠳ ᠴᠢᠩᠭ᠎ᠠ | ᠬᠡᠷᠡᠭᠵᠢᠭᠦᠯᠬᠦ ᠬᠡᠷᠡᠭᠲᠡᠶ ᠭᠡᠵᠡᠢ᠃ | ᠲᠣᠰ ᠵᠢᠯ ᠤᠨ ᠳᠣᠲᠣᠷ᠎ᠠ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠳᠤ | ᠡᠷᠬᠡᠪᠰᠢ ᠬᠤᠯᠪᠣᠭᠳᠠᠯ ᠪᠦᠬᠦᠢ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠵᠦ ᠪᠣᠯᠣᠨ᠎ᠠ᠃ ᠡᠭᠦᠨ ᠤ | ᠬᠠᠮᠲᠤ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠥᠩᠭᠦ | ᠨᠥᠬᠦᠵᠦ ᠥᠭᠬᠦ ᠶᠢ 2016 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ ᠡᠯ᠎ᠡ | ᠠᠶᠢᠮᠠᠭ ᠬᠤᠳᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ 5 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠰᠢᠨ᠎ᠡ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠ ᠪᠡᠯᠡ ᠮᠥᠩᠭᠦ ᠣᠯᠭᠤᠵᠤ ᠪᠠᠶᠢᠭ᠎ᠠ ᠪᠠᠶᠢᠳᠠᠯ ᠳᠤ | ᠪᠠᠶᠢᠴᠠᠭᠠᠯᠲᠠ ᠬᠢᠬᠦ ᠪᠥᠭᠡᠳ ᠪᠠᠶᠢᠴᠠᠭᠠᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠳᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠯ᠎ᠡ ᠠᠶᠢᠮᠠᠭ ᠬᠤᠳᠠ ᠪᠣᠯᠤᠨ ᠬᠤᠰᠢᠭᠤ ᠰᠢᠶᠠᠨ ︵ᠬᠤᠳᠠ᠂ | ᠲᠣᠭᠤᠷᠢᠭ︶ ᠤ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠯᠭᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢᠨ ᠪᠠᠷᠢᠮᠵᠢᠶ᠎ᠠ ᠶᠢᠨ ᠬᠦᠰᠦᠨᠦᠭ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠨ | ᠲᠡᠵᠢᠭᠡᠬᠦ ᠪᠠᠷᠢᠮᠵᠢᠶ᠎ᠠ ᠵᠢᠨᠬᠦ᠋ᠰᠦᠨᠦᠭ | | | | | | | | | | | | | | |