ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2016 ᠣᠨ ᠤ ︽ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠷᠴᠠ ᠰᠡᠯᠡᠮ᠎ᠡ︾ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2016/3/24
     3 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠣᠯᠤᠨ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ᠪᠠᠶᠠᠨᠨᠠᠭᠤᠷ ᠬᠤᠲᠠ ᠶᠢᠨ ᠶᠠᠰᠤ ᠴᠢᠨᠠᠷ ᠤᠨ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠳᠠᠭᠠᠭᠠᠴᠢᠯᠠᠨ ᠡᠷᠭᠢᠯᠡᠭᠰᠡᠨ 2016 ᠣᠨ ᠤ ︽ᠶᠠᠰᠤ ᠴᠢᠨᠠᠷ ᠲᠤ ᠬᠢᠨᠠᠯᠲᠠ ᠲᠠᠯᠪᠢᠬᠤ ᠬᠤᠷᠴᠠ ᠰᠡᠯᠡᠮ᠎ᠡ︾ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠡᠬᠢᠯᠡᠭᠦᠯᠬᠦ ᠶᠣᠰᠣᠯᠠᠯ ᠪᠠᠶᠠᠨᠨᠠᠭᠤᠷ ᠬᠤᠳᠠ ᠶᠢᠨ ᠯᠢᠩᠾᠧ ᠲᠤᠭᠤᠷᠢᠭ ᠤᠨ ᠲᠢᠶᠠᠨ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠳᠤ ᠶᠠᠪᠤᠭᠳᠠᠪᠠ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠳ᠋ᠠ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠠᠶᠠᠨᠨᠠᠭᠤᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠠᠩ ᠶᠤᠸᠠᠨ ᠱᠧᠩ᠂ ᠯᠢᠩᠾᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠶᠠᠩ ᠶᠦᠩ ᠰᠢᠦᠩ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠬᠦ ᠶᠣᠰᠣᠯᠠᠯ ᠳᠡᠭᠡᠷ᠎ᠡ᠂ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠪᠠ ᠬᠡᠰᠡᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠨ ᠪᠤᠷᠤᠯᠠᠭᠤᠯᠬᠤ ᠠᠵᠤ ᠠᠬᠤᠶᠢᠯᠠᠯ ᠥᠷᠭᠡᠨ ᠤᠯᠠᠨ ᠲᠦᠮᠡᠨ ᠤ ᠬᠢᠨᠠᠯᠲᠠ ᠳᠣᠣᠷ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠬᠡᠮᠵᠢᠯᠲᠡ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠮᠠ ᠳ᠋ᠠ ᠴᠢᠬᠤᠯᠠᠴᠢᠯᠠᠭᠰᠠᠨ ᠨᠢ᠂ ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠪᠥᠬᠦ ᠣᠷᠣᠨ ᠤ ᠡᠯ᠎ᠡ ᠱᠠᠲᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠳᠠᠷᠤᠶ ᠲᠦᠷᠭᠡᠨ ᠬᠥᠳᠡᠯᠦᠯᠴᠡᠵᠦ᠂ ᠬᠠᠪᠤᠷ ᠤᠨ ᠤᠯᠠᠷᠢᠯ ᠤᠨ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠎ ᠳᠤ ᠴᠤᠬᠢᠯᠲᠠ ᠦᠭᠬᠦ ᠬᠦᠴᠦᠷᠬᠡᠭ  ᠶᠡᠭᠡ ᠰᠦᠷ ᠬᠦᠴᠦᠨ ᠢ ᠪᠤᠢ ᠪᠣᠯᠭᠠᠬᠤ ᠬᠡᠷᠡᠭᠲᠡᠢ᠃ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ ᠲᠣᠣᠷ ᠰᠦᠯᠵᠢᠶ᠎ᠡ ᠵᠡᠷᠭᠡ ᠡᠯ᠎ᠡ ᠲᠥᠷᠥᠯ ᠤᠨ ᠵᠠᠭᠤᠯᠴᠢᠯᠠᠭᠤᠷ ᠢ ᠭᠦᠢᠴᠡᠳ ᠠᠰᠢᠭᠯᠠᠵᠤ᠂ ᠲᠤᠬᠠᠶ ᠶᠢᠨ ᠭᠠᠵᠠᠷ ᠲᠤᠨᠢ ᠵᠥᠪᠯᠡᠯᠭᠡ ᠥᠭᠬᠦ᠂ ᠤᠬᠠᠭᠤᠯᠭ᠎ᠠ ᠶᠢᠨ ᠦᠵᠡᠭᠦᠯᠦᠯᠭᠡ ᠰᠠᠮᠪᠠᠷ᠎ᠠ ᠵᠣᠬᠢᠶᠠᠬᠤ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠭᠤᠳ ᠬᠠᠩᠭᠠᠵᠤ ᠰᠢᠭᠤᠳ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠬᠠᠤᠯᠢ ᠴᠠᠭᠠᠵᠠ ᠬᠠᠤᠯᠢ ᠲᠤᠭᠲᠠᠭᠠᠯ ᠢ ᠲᠥᠪᠯᠡᠷᠡᠭᠦᠯᠦᠨ ᠤᠬᠠᠭᠤᠯᠵᠤ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠣᠩᠭᠤᠵᠤ ᠬᠤᠳᠠᠯᠳᠤᠨ ᠠᠪᠬᠤ ᠪᠠ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠲᠠᠷᠢᠶᠠᠴᠢᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠦᠴᠢᠷ ᠤᠨ ᠦᠢᠯᠡᠴᠢᠯᠡᠭᠡᠨ ᠤ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠬᠠᠤᠯᠢ ᠶᠢ ᠰᠠᠬᠢᠬᠤ ᠦᠨᠡᠨᠴᠢ ᠢᠲᠡᠭᠡᠮᠵᠢᠲᠡᠶ ᠪᠠᠶᠢᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠤᠬᠢᠯᠲᠠ ᠦᠭᠬᠦ ᠶᠠᠪᠤᠳᠠᠯ ᠢ ᠪᠦᠬᠦ ᠨᠡᠶᠢᠭᠡᠮ ᠢᠶᠠᠷ ᠢᠶᠠᠨ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠬᠡᠪ ᠪᠠᠶᠢᠳᠠᠯ ᠢ ᠴᠢᠷᠮᠠᠶᠢᠨ ᠪᠤᠢ ᠪᠣᠯᠭᠠᠵᠤ᠂ ᠲᠠᠷᠢᠶᠠᠴᠢᠳ ᠲᠤ ᠰᠠᠨᠠᠭ᠎ᠠ ᠠᠮᠤᠷ ᠠᠮᠤᠷ ᠲᠦᠪᠰᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠷ᠎ᠡ᠂ ᠲᠠᠷᠢᠶᠠᠯᠠᠩ ᠤᠨ ᠡᠮ᠂ ᠬᠢᠮᠢ ᠶᠢᠨ ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠭᠤᠣᠯᠳᠠᠯᠭᠠᠲᠤ ᠪᠦᠲᠦᠭᠡᠭᠳᠡᠬᠦᠨ ᠪᠠ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠵᠠᠬ᠎ᠠ ᠳᠡᠯᠭᠡᠭᠦᠷ᠂ ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠵᠦ᠂ ᠬᠤᠳᠠᠯ ᠬᠠᠭᠤᠷᠮᠠᠭ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠤᠷᠤᠯᠠᠭᠤᠯᠬᠤ ᠳᠤ ᠴᠢᠩᠭ᠎ᠠ ᠴᠣᠬᠢᠯᠲᠠ ᠥᠭᠴᠦ᠂ ᠲᠠᠷᠢᠶᠠᠴᠢᠳ ᠢ ᠭᠠᠴᠢᠵᠤ ᠬᠤᠬᠢᠷᠠᠭᠤᠯᠤᠭᠰᠠᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠡᠲᠡᠭᠡᠳ ᠲᠤ ᠬᠦᠴᠦᠲᠡᠶ ᠰᠦᠷᠳᠡᠭᠦᠯᠦᠯ ᠦᠵᠡᠭᠦᠯᠵᠦ᠂ ᠴᠢᠨᠠᠷ ᠰᠠᠶᠢᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠥᠳᠡᠭᠡ ᠲᠣᠰᠬᠤᠨ ᠳᠤ ᠪᠠᠭᠤᠯᠭᠠᠬᠤ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠢ ᠪᠤᠯᠭᠠᠵᠤ ᠦᠭᠬᠦ ᠬᠡᠷᠡᠭᠲᠡᠢ ᠭᠡᠪᠡ᠃      ᠡᠬᠢᠯᠡᠯᠲᠡ ᠶᠢᠨ ᠶᠤᠰᠤᠯᠠᠯ ᠤᠨ ᠲᠠᠯᠠᠪᠠᠶ ᠳᠤ᠂ ᠪᠠᠶᠠᠨᠨᠠᠭᠤᠷ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠶᠠᠰᠤ ᠴᠢᠨᠠᠷ ᠢ ᠪᠠᠶᠢᠴᠠᠭᠠᠬᠤ ᠬᠦᠷᠢᠶᠡᠯᠡᠩ᠂ ᠥᠪᠥᠷ ᠮᠣᠩᠭᠤᠯ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ᠂ ᠥᠪᠥᠷ ᠮᠣᠩᠭᠤᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠤᠨ ᠠᠵᠢᠯᠲᠠᠳ ᠲᠤᠬᠠᠢ ᠶᠢᠨ ᠲᠠᠯᠠᠪᠤᠷ ᠲᠤ 12365 ᠵᠠᠭᠠᠯᠳᠤᠬᠤ ᠢᠯᠡᠴᠢᠯᠡᠬᠦ ᠲᠠᠪᠴᠠᠩ᠂ ᠵᠥᠪᠯᠡᠯᠭᠡ ᠥᠭᠬᠦ ᠦᠢᠯᠡᠴᠢᠯᠡᠭᠡᠨ ᠤ ᠲᠠᠪᠴᠠᠩ᠂ ᠤᠬᠠᠭᠤᠯᠬᠤ ᠲᠠᠪᠴᠠᠩ ᠪᠠ ᠠᠷᠠᠳ ᠲᠤ ᠠᠰᠢᠭ ᠬᠦᠷᠲᠡᠭᠡᠬᠦ ᠪᠠᠶᠢᠴᠠᠭᠠᠨ ᠬᠡᠮᠵᠢᠬᠦ ᠲᠠᠪᠴᠠᠩ ᠪᠠᠶᠢᠭᠤᠯᠵᠤ᠂ ︽ᠦᠢᠯᠡᠳᠬᠦᠨ ᠤ ᠶᠠᠰᠤ ᠴᠢᠨᠠᠷ ᠤᠨ ᠬᠠᠤᠯᠢ︾ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠪᠣᠯᠤᠨ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠮᠡᠳᠡᠯᠭᠡ ᠶᠢ ᠬᠡᠷᠡᠭᠯᠡᠭᠴᠢᠳ ᠲᠤ ᠤᠬᠠᠭᠤᠯᠤᠭᠰᠠᠨ ᠤ ᠬᠠᠮᠲᠤ ᠴᠢᠰᠤᠨ ᠳᠠᠷᠤᠯᠲᠠ ᠶᠢᠨ ᠬᠡᠮᠵᠢᠭᠦᠷ᠂ ᠬᠦᠨᠳᠦ ᠶᠢᠨ ᠵᠢᠩᠯᠡᠭᠦᠷ᠂ ᠠᠯᠲᠠ ᠮᠥᠩᠭᠦ ᠰᠤᠪᠤᠳ ᠡᠷᠳᠡᠨᠢ ᠶᠢᠨ ᠵᠠᠰᠠᠯ ᠴᠢᠮᠡᠭ᠂ ᠬᠢᠮᠢ ᠶᠢᠨ ᠪᠤᠷᠳᠤᠭᠤᠷ᠂ ᠪᠠᠷᠢᠯᠭ᠎ᠠ ᠶᠢᠨ ᠮᠠᠲ᠋ᠧᠷᠢᠶᠠᠯ ᠢ ᠰᠦᠢᠳᠬᠡᠯ ᠬᠤᠷᠢᠶᠠᠬᠤ ᠦᠭᠡᠢ ᠪᠠᠷ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠬᠤ ᠦᠢᠯᠡᠴᠢᠯᠡᠭᠡ ᠬᠠᠩᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号