ᠬᠠᠳᠤᠨ ᠭᠤᠣᠯ ᠤᠨ ᠥᠪᠥᠷ ᠮᠣᠩᠭᠤᠯ ᠳᠠᠬᠢ ᠭᠤᠣᠯ ᠨᠡᠶᠢᠲᠡ 582 ᠺᠢᠯᠣᠮᠧᠲᠷ ᠭᠡᠰᠪᠡ
ᠨᠡᠶᠢᠲᠡᠯᠡᠭᠰᠡᠨ ᠴᠠᠭ᠄
2016/3/24
      3 ᠳ᠋ᠤᠭᠠᠷ ᠰᠠᠷ᠎ᠠ ᠶᠢᠨ ᠳᠤᠮᠳᠠᠴᠢ ᠪᠣᠯᠬᠤ ᠳᠤ᠂ ᠠᠭᠠᠷ ᠤᠨ ᠳᠤᠯᠠᠭᠠᠨ ᠲᠠᠰᠤᠷᠠᠯᠲᠠ ᠦᠭᠡᠶ ᠳᠡᠭᠡᠭᠰᠢᠯᠡᠬᠦ ᠶᠢ ᠳᠠᠭᠠᠯᠳᠤᠨ᠂ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠭᠡᠰᠬᠦ ᠬᠤᠷᠳᠤᠴᠠ ᠢᠯᠡᠷᠬᠡᠶ ᠲᠦᠷᠭᠡᠳᠴᠦ ᠪᠠᠶᠢᠨ᠎ᠠ᠃ ᠬᠠᠲᠤᠨ ᠭᠤᠣᠯ ᠤᠨ ᠲᠣᠭᠲᠠᠭᠤᠨ ᠢᠶᠠᠷ ᠭᠡᠰᠬᠦ ᠶᠢ ᠪᠠᠲᠤᠯᠠᠬᠤ ᠶᠢᠨ ᠳᠤᠰᠠᠳᠠ᠂ ᠯᠢᠦ ᠵᠢᠶᠠ ᠰᠢᠶᠠ ᠬᠠᠪᠴᠢᠯ ᠤᠨ ᠤᠰᠤᠨ ᠴᠥᠭᠦᠷᠥᠮ ᠳᠤᠮᠳᠠᠴᠢ ᠤᠷᠤᠰᠬᠠᠯ ᠤᠨ ᠬᠡᠮᠵᠢᠶ᠎ᠡ ᠶᠢ ᠰᠧᠺᠦ᠋ᠨ᠋ᠳ᠋ ᠪᠦᠷᠢ ᠶᠢᠨ 370 ᠪᠣᠰᠤᠭ᠎ᠠ ᠳᠥᠷᠪᠡᠯᠵᠢᠨ ᠮᠧᠲᠷ ᠬᠦᠷᠲᠡᠯ᠎ᠡ ᠨᠡᠮᠡᠭᠳᠡᠭᠦᠯᠵᠦ᠂ ᠬᠠᠳᠤᠨ ᠭᠤᠣᠯ ᠤᠨ ᠥᠪᠥᠷ ᠮᠣᠩᠭᠤᠯ ᠳᠠᠬᠢ ᠰᠦᠩ ᠬᠠᠯᠢᠶ᠎ᠠ ᠶᠢ ᠠᠮᠤᠷ ᠲᠦᠪᠰᠢᠨ ᠰᠡᠷᠭᠡᠶᠢᠯᠡᠬᠦ ᠳᠤ ᠠᠰᠢᠭᠲᠠᠶ ᠨᠥᠬᠦᠴᠡᠯ ᠢ ᠪᠦᠷᠢᠯᠳᠦᠭᠦᠯᠵᠦ ᠥᠭᠴᠡᠢ᠃ ᠬᠠᠲᠤᠨ ᠭᠤᠣᠯ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠣᠭᠤᠳᠬᠤ ᠭᠠᠵᠠᠷ ᠤᠨ ᠲᠠᠨᠢᠯᠴᠠᠭᠤᠯᠤᠭᠰᠠᠨ ᠢᠶᠠᠷ᠂ 3 ᠳ᠋ᠤᠭᠠᠷ ᠰᠠᠷ᠎ᠠ ᠶᠢᠨ 21᠎ ᠤ ᠡᠳᠦᠷ ᠤᠨ 10 ᠴᠠᠭ ᠪᠣᠯᠲᠠᠯ᠎ᠠ᠂ ᠬᠠᠲᠤᠨ ᠭᠤᠣᠯ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ ᠶᠢᠨ ᠪᠠᠷᠠᠭᠤᠨ ᠠᠭᠤᠯᠠᠨ ᠬᠡᠰᠡᠭ ᠬᠦᠷᠲᠡᠯ᠎ᠡ᠂ ᠲᠤᠬᠠᠶᠢᠯᠠᠪᠠᠯ ᠰᠠᠨ ᠱᠧᠩ ᠭᠦᠩ ᠤᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠭᠤᠣᠯ ᠤᠨ ᠬᠠᠭᠠᠴᠠ ᠠᠴᠠ ᠳᠣᠷᠣᠭᠰᠢ 199 ᠺᠢᠯᠣᠮᠧᠲᠷ ᠬᠦᠷᠲᠡᠯ᠎ᠡ ᠭᠡᠰᠴᠡᠢ᠃ ᠳᠤᠮᠳᠠ ᠬᠡᠰᠡᠭ ᠎ ᠨᠢ ᠪᠤᠭᠤᠲᠤ ᠬᠤᠳᠠ ᠠᠴᠠ ᠲᠣᠭᠲᠠᠬᠤ ᠰᠢᠶᠠᠨ ᠬᠦᠷᠲᠡᠯ᠎ᠡ ᠨᠡᠶᠢᠲᠡ 178 ᠺᠢᠯᠣᠮᠧᠲᠷ ᠭᠡᠰᠴᠦ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ ᠤ ᠣᠯᠠᠨ ᠬᠡᠰᠡᠭ ᠭᠡᠰᠴᠦ᠂ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠨᠡᠶᠢᠲᠡ 582 ᠺᠢᠯᠣᠮᠧᠲᠷ ᠭᠡᠰᠴᠦ᠂ 138 ᠺᠢᠯᠣᠮᠧᠲᠷ ᠭᠤᠣᠯ ᠬᠠᠷᠠᠬᠠᠨ ᠭᠡᠰᠦᠭᠡ ᠦᠭᠡᠢ ᠪᠠᠶᠢᠭᠰᠠᠭᠠᠷ᠃ ᠲᠤᠰ ᠭᠠᠷᠠᠭ ᠥᠪᠥᠷ ᠮᠣᠩᠭᠤᠯ ᠤᠨ ᠬᠠᠳᠤᠨ ᠭᠤᠣᠯ ᠳᠠᠭᠠᠤ ᠭᠠᠵᠠᠷ ᠣᠷᠣᠨ ᠤ ᠪᠣᠷᠣᠭᠠᠨ ᠬᠤᠷ᠎ᠠ ᠪᠠ ᠬᠦᠢᠲᠡᠨ ᠠᠭᠤᠷ ᠠᠮᠢᠰᠬᠤᠯ ᠢ ᠳᠠᠭᠠᠯᠳᠤᠨ ᠭᠤᠣᠯ ᠭᠡᠰᠬᠦ ᠬᠤᠷᠳᠤᠴᠠ ᠤᠳᠠᠭᠠᠰᠢᠷᠠᠬᠤ ᠪᠣᠯᠣᠨ᠎ᠠ᠃ ᠬᠠᠲᠤᠨ ᠭᠤᠣᠯ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠣᠭᠤᠳᠬᠤ ᠭᠠᠵᠠᠷ ᠤᠨ ᠵᠢᠱᠢᠯᠲᠡ ᠪᠠᠷ᠂ 3 ᠳ᠋ᠤᠭᠠᠷ ᠰᠠᠷ᠎ᠠ ᠶᠢᠨ 25᠎ ᠤ ᠣᠷᠴᠢᠮ ᠢᠶᠠᠷ ᠬᠠᠲᠤᠨ ᠭᠤᠣᠯ ᠪᠦᠬᠦᠨ ᠢᠶᠠᠷ ᠢᠶᠠᠨ ᠭᠡᠰᠬᠦ ᠪᠣᠯᠣᠨ᠎ᠠ᠃ ᠣᠳᠣᠬᠠᠨ ᠳᠤ᠂ ᠯᠢᠦ ᠵᠢᠶᠠ ᠰᠢᠶᠠ ᠬᠠᠪᠴᠢᠯ ᠤᠨ ᠣᠰᠣᠨ ᠴᠠᠬᠢᠯᠭᠠᠨ ᠤ ᠦᠢᠯᠡᠳᠪᠦᠷᠢ ᠶᠠᠭ ᠲᠣᠬᠢᠷᠠᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠤᠮᠳᠠᠴᠢ ᠤᠷᠤᠰᠬᠠᠯ ᠤᠨ ᠬᠡᠮᠵᠢᠶ᠎ᠡ ᠶᠢ ᠰᠧᠺᠦ᠋ᠨ᠋ᠳ᠋ ᠪᠦᠷᠢ 320 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠨᠢ ᠰᠧᠺᠦ᠋ᠨ᠋ᠳ᠋ ᠪᠦᠷᠢ 370 ᠪᠣᠰᠤᠭ᠎ᠠ ᠳᠥᠷᠪᠡᠯᠵᠢᠨ ᠮᠧᠲᠷ ᠬᠦᠷᠲᠡᠯ᠎ᠡ ᠨᠡᠮᠡᠭᠳᠡᠭᠦᠯᠵᠡᠢ᠃ ᠯᠢᠦ ᠵᠢᠶᠠ ᠰᠢᠶᠠ ᠬᠠᠪᠴᠢᠯ ᠤᠨ ᠣᠰᠣᠨ ᠴᠠᠬᠢᠯᠭᠠᠨ ᠤ ᠦᠢᠯᠡᠳᠪᠦᠷᠢ ᠶᠢᠨ ᠲᠠᠨᠢᠯᠴᠠᠭᠤᠯᠤᠭᠰᠠᠨ ᠢᠶᠠᠷ᠂ ᠬᠠᠲᠤᠨ ᠭᠤᠣᠯ ᠤᠨ ᠥᠪᠥᠷ ᠮᠣᠩᠭᠤᠯ ᠳᠠᠬᠢ ᠰᠦᠩ ᠬᠠᠯᠢᠶ᠎ᠠ ᠶᠢ ᠰᠡᠷᠭᠡᠶᠢᠯᠡᠬᠦ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠯᠢᠦ ᠵᠢᠶᠠ ᠰᠢᠶᠠ ᠬᠠᠪᠴᠢᠯ ᠤᠨ ᠣᠰᠣᠨ ᠴᠠᠬᠢᠯᠭᠠᠨ ᠤ ᠦᠢᠯᠡᠳᠪᠦᠷᠢ ᠬᠠᠲᠤᠨ ᠭᠤᠣᠯ ᠤᠨ ᠤᠰᠤᠨ ᠤ ᠪᠠᠶᠢᠳᠠᠯ ᠤᠨ ᠬᠤᠪᠢᠷᠠᠯᠲᠠ ᠳᠤ ᠴᠢᠩᠭ᠎ᠠ ᠠᠵᠢᠭᠯᠠᠵᠤ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠴᠥᠭᠦᠷᠥᠮ ᠤᠨ ᠤᠰᠤ ᠬᠠᠳᠠᠭᠠᠯᠠᠬᠤ ᠠᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠢᠵᠦ᠂ ᠤᠰᠤᠨ ᠲᠦᠷᠢᠯᠭᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠦᠩ ᠬᠠᠯᠢᠶ᠎ᠠ ᠶᠢ ᠰᠡᠷᠭᠡᠶᠢᠯᠡᠬᠦ ᠬᠤᠭᠤᠴᠠᠭ᠎ᠠ ᠳᠠᠭᠤᠰᠤᠭᠰᠠᠨ ᠎ ᠤ ᠳᠠᠷᠠᠭ᠎ᠠ ᠬᠠᠲᠤᠨ ᠭᠤᠣᠯ ᠤᠨ ᠳᠤᠮᠳᠠᠳᠤ ᠳᠣᠣᠷᠠᠳᠤ ᠰᠠᠪᠠ ᠭᠠᠵᠠᠷ ᠤᠨ ᠲᠠᠷᠢᠶᠠᠯᠠᠩ ᠤᠨ ᠤᠰᠤᠯᠠᠯᠲᠠ᠂ ᠠᠮᠢ ᠠᠬᠤᠶ ᠶᠢᠨ ᠤᠷᠤᠰᠬᠠᠯ ᠵᠡᠷᠭᠡ ᠶᠡᠷᠦᠩᠬᠡᠶᠢᠯᠡᠭᠰᠡᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠ ᠶᠡᠭᠡ ᠴᠠᠬᠢᠯᠭᠠᠨ ᠭᠠᠷᠭᠠᠬᠤ ᠠᠵᠢᠯ ᠢ ᠰᠠᠶᠢᠲᠤᠷ ᠬᠢᠬᠦ ᠳᠤ ᠪᠡᠯᠡᠳᠬᠡᠵᠦ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号