ᠥᠪᠥᠷ ᠮᠣᠩᠭᠤᠯ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/3/24
      3 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠭᠠᠵᠠᠷ ᠣᠷᠣᠨ ᠤ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠷᠠᠯ ᠤᠷᠳᠤᠰ ᠬᠤᠲᠠᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠯᠢᠦ ᠰᠢᠨ ᠯᠧ᠂ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠸᠥ ᠶᠠᠩ ᠰᠢᠶᠤᠤ ᠬᠤᠢ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠤᠨ ᠳᠡᠳ᠋ ᠳᠠᠷᠤᠭ᠎ᠠ ᠸᠠᠩ ᠶᠦᠩ ᠮᠢᠩ᠂ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠬᠠᠨ ᠱᠤ᠋ ᠴᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠰᠦᠨ ᠳ᠋ᠧ ᠵᠢᠶᠦ᠋ᠨ᠂ ᠤᠷᠳᠤᠰ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᡁᠢ ᠱᠧᠨ᠂ ᠬᠥᠬᠡᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠶᠢᠨ ᠰᠢᠶᠠᠩ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠾᠧ ᠱᠣᠩᠬᠤᠷ᠂ ᠦᠬᠠᠢ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠯᠢ ᠹᠧᠩ ᠨᠠᠷ ᠬᠤᠷᠠᠯ ᠳᠤ ᠣᠷᠣᠯᠴᠠᠪᠠ᠃ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠡᠷᠭᠢᠯᠡᠪᠡ᠃      ᠳᠡᠳ᠋ ᠲᠡᠷᠢᠭᠦᠯᠡᠭᠴᠢ ᠯᠢᠦ ᠰᠢᠨ ᠯᠧ ᠵᠢᠭᠠᠵᠤ ᠭᠠᠷᠭᠠᠭᠰᠠᠨ ᠨᠢ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠠᠵᠢᠯ ᠳᠤ ︽ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠪᠦᠲᠦᠴᠡ ᠶᠢ ᠲᠣᠬᠢᠷᠠᠭᠤᠯᠬᠤ᠂ ᠥᠰᠦᠯᠲᠡ ᠲᠠᠢ ᠪᠠᠭᠤᠷᠠᠯᠲᠠ ᠲᠠᠢ ᠪᠠᠶᠢᠬᠤ︾ ᠵᠠᠷᠴᠢᠮ ᠢ ᠪᠠᠷᠢᠮᠳᠠᠯᠠᠨ᠎ᠠ᠂ ᠵᠣᠷᠢᠯᠭ᠎ᠠ ᠨᠢ ᠭᠡᠪᠡᠯ ᠡᠮᠨᠡᠯᠭᠡ ᠶᠢᠨ ᠬᠤᠷᠢᠶ᠎ᠠ ᠶᠢ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠪᠣᠯᠭᠠᠨ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠨᠡᠩ ᠠᠮᠠᠷᠬᠠᠨ᠂ ᠨᠡᠩ ᠬᠢᠮᠳᠠ ᠪᠣᠯᠭᠠᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠰᠤᠷᠲᠠᠯ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ᠂ ᠡᠮᠨᠡᠯᠭᠡ ᠶᠢᠨ ᠠᠵᠢᠯᠲᠠᠳ ᠪᠠ ᠴᠣᠩᠬᠤᠪᠴᠢ ᠶᠢᠨ ᠠᠵᠢᠯᠲᠠᠨ ᠵᠡᠷᠭᠡ ᠭᠤᠣᠯᠳᠠᠯᠭ᠎ᠠ ᠲᠠᠢ ᠬᠥᠮᠦᠰ ᠤᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠨᠡᠶᠢᠭᠡᠮ ᠤᠨ ᠡᠯ᠎ᠡ ᠡᠲᠡᠭᠡᠳ ᠲᠤ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠶᠢ ᠲᠣᠬᠢᠷᠠᠭᠤᠯᠬᠤ ᠴᠢᠬᠤᠯᠠ ᠴᠢᠨᠠᠷ᠂ ᠠᠭᠤᠯᠤᠭᠳᠠᠬᠤᠨ ᠪᠠ ᠠᠴᠢ ᠬᠤᠯᠪᠣᠭᠳᠠᠯ ᠵᠡᠷᠭᠡ ᠢ ᠭᠦᠢᠴᠡᠳ ᠲᠠᠨᠢᠭᠤᠯᠬᠤ ᠬᠡᠷᠡᠭᠲᠡᠢ︔ ᠣᠨᠴᠠ ᠬᠡᠷᠡᠭᠴᠡᠭᠡᠲᠦ ᠡᠪᠡᠳᠴᠢᠲᠡᠨ ᠤ ᠦᠷᠦᠭᠡᠨ ᠤ ᠥᠪᠡᠷᠮᠢᠴᠡ ᠦᠢᠯᠡᠴᠢᠯᠡᠭᠡ ᠶᠢ ᠡᠷᠬᠢᠮᠯᠡᠭᠦᠰᠢᠲᠡᠶ︔ ᠮᠣᠩᠭᠤᠯ ᠡᠮ ᠡᠮᠨᠡᠯᠭᠡ ᠶᠢᠨ ᠨᠢᠭᠡᠳᠦᠯᠲᠡᠶ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠪᠡ᠃      ᠳᠡᠳ᠋ ᠲᠡᠷᠢᠭᠦᠯᠡᠭᠴᠢ ᠯᠢᠦ ᠰᠢᠨ ᠯᠧ ᠴᠢᠬᠤᠯᠠᠴᠢᠯᠠᠭᠰᠠᠨ ᠨᠢ᠂ 2016 ᠣᠨ ᠳᠤ᠂ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠬᠦ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠦᠷᠨᠢᠭᠦᠯᠬᠦ ᠪᠠ ᠠᠯᠪᠠᠨ ᠠᠴᠠ ᠪᠠᠶᠢᠭᠤᠯᠤᠭᠰᠠᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠡᠷᠭᠡ ᠳᠤᠨᠢ ᠲᠥᠯᠬᠢᠨ ᠠᠬᠢᠭᠤᠯᠬᠤ ᠠᠵᠢᠯ ᠪᠦᠷ ᠵᠠᠩᠭᠢᠯᠠᠭ᠎ᠠ ᠶᠢᠨ ᠱᠠᠲᠤᠨ ᠳᠤ ᠣᠷᠤᠵᠤ᠂ ᠡᠮ ᠤᠨ ᠵᠦᠢᠯ ᠤᠨ ᠨᠡᠮᠡᠯᠲᠡ ᠦᠨ᠎ᠡ ᠶᠢ ᠦᠭᠡᠶᠢᠰᠬᠡᠭᠰᠡᠨ ᠨᠢ ᠵᠦᠪᠬᠡᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠠᠩᠬᠠᠳᠠᠭᠴᠢ ᠠᠯᠬᠤᠮ ᠪᠣᠯᠤᠨ᠎ᠠ᠃ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠤᠨ ᠵᠦᠢᠯ ︽ᠭᠤᠷᠪᠠ ᠬᠤᠯᠪᠤᠭᠠᠯᠠᠨ ᠬᠥᠳᠡᠯᠦᠯᠴᠡᠬᠦ︾ ᠲᠣᠭᠲᠠᠴᠠ ᠪᠠᠶᠢᠭᠤᠯᠤᠯ ᠤᠨ ᠰᠢᠨ᠎ᠡ ᠶᠢ ᠡᠭᠦᠳᠴᠦ᠂ ᠲᠦᠷᠦ ᠶᠢᠨ ᠪᠤᠳᠤᠯᠭ᠎ᠠ ᠶᠢᠨ ᠳᠠᠪᠬᠤᠴᠠᠭ᠎ᠠ ᠦᠢᠯᠡᠴᠢᠯᠡᠯ ᠢ ᠪᠤᠢ ᠪᠣᠯᠭᠠᠵᠦ᠂ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠤᠯᠠᠨ ᠲᠦᠮᠡᠨ ᠳᠤ ᠳᠠᠷᠤᠶ ᠲᠦᠷᠭᠡᠨ ᠬᠠᠷᠠᠭᠤᠯᠤᠨ᠂ ᠥᠭᠡᠷᠡᠴᠢᠯᠡᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠭᠦᠯᠬᠦ ᠬᠡᠷᠡᠭᠲᠡᠢ᠃ ᠡᠮ ᠡᠮᠨᠡᠯᠭᠡ ᠶᠢᠨ ᠲᠠᠯ᠎ᠠ ᠪᠠᠷ᠂ ᠱᠠᠳᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠶᠢᠨ ᠴᠢᠭ᠋ ᠢ ᠢᠳᠡᠪᠬᠢᠲᠡᠶ ᠥᠷᠨᠢᠭᠦᠯᠵᠦ᠂ ᠬᠤᠣᠰ ᠴᠢᠭᠯᠡᠯ ᠢᠶᠠᠷ ᠡᠮᠨᠡᠯᠭᠡ ᠰᠢᠯᠵᠢᠭᠦᠯᠦᠨ ᠣᠨᠣᠰᠢᠯᠠᠨ ᠡᠮᠨᠡᠭᠦᠯᠵᠦ᠂ ᠴᠢᠨᠠᠷ ᠰᠠᠶᠢᠨ ᠡᠮᠴᠢᠯᠡᠭᠡᠨ ᠤ ᠡᠬᠢ ᠪᠠᠶᠠᠯᠢᠭ ᠤᠨ ᠭᠤᠯᠳᠤ ᠤᠷᠤᠰᠤᠯᠲᠠ ᠶᠢ ᠠᠬᠢᠭᠤᠯᠬᠤ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠪᠠᠷ᠂ ᠤᠯᠤᠰ ᠠᠴᠠ ᠱᠠᠭᠠᠷᠳᠠᠭᠰᠠᠨ ᠲᠣᠭᠲᠠᠭᠰᠠᠨ ᠴᠠᠭ ᠶᠣᠰᠤᠭᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠢ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠡᠮ ᠤᠨ ᠵᠦᠢᠯ ᠤᠨ ᠲᠠᠯ᠎ᠠ ᠪᠠᠷ᠂ ᠤᠯᠠᠨ ᠲᠦᠮᠡᠨ ᠤ ᠳᠠᠷᠤᠭᠠᠰᠤ ᠶᠢ ᠬᠦᠩᠭᠡᠷᠡᠭᠦᠯᠬᠦ ᠳᠤ ᠰᠠᠭᠤᠷᠢᠯᠠᠨ᠂ ᠡᠮ ᠤᠨ ᠵᠦᠢᠯ ᠢ ᠦᠢᠯᠡᠳᠪᠦᠷᠢᠯᠡᠬᠦ᠂ ᠪᠣᠷᠣᠯᠠᠭᠤᠯᠬᠤ᠂ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠪᠡ᠃      ᠳᠡᠳ᠋ ᠲᠡᠷᠢᠭᠦᠯᠡᠭᠴᠢ ᠯᠢᠦ ᠰᠢᠨ ᠯᠧ ᠱᠠᠭᠠᠷᠳᠠᠭᠰᠠᠨ ᠨᠢ᠂ ᠲᠠᠨᠢᠯᠲᠠ ᠪᠠᠨ ᠳᠡᠭᠡᠭᠰᠢᠯᠡᠭᠦᠯᠦᠨ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠬᠦ ᠬᠡᠷᠡᠭᠲᠡᠶ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠳᠤ ᠲᠤᠭᠢᠷᠡᠭᠤᠯᠤᠯᠳᠡ ᠬᠢᠬᠦ ᠠᠵᠢᠯ ᠢ ᠪᠦᠬᠦ ᠬᠦᠴᠦᠨ ᠢᠶᠠᠷ ᠳᠥᠯᠭᠢᠨ ᠠᠬᠢᠭᠤᠯᠬᠤ ᠬᠡᠷᠡᠭᠲᠡᠢ︔ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠯ᠎ᠡ ᠵᠦᠢᠯ ᠤᠨ ᠵᠠᠯᠭᠠᠮᠵᠢ ᠠᠵᠢᠯ ᠢ ᠢᠳᠡᠪᠬᠢᠲᠡᠶ ᠯᠠᠪᠳᠠᠭᠤᠨ ᠰᠠᠶᠢᠲᠤᠷ ᠬᠢᠬᠦ ᠬᠡᠷᠡᠭᠲᠡᠶ ᠭᠡᠪᠡ᠃      ᠬᠤᠷᠠᠯ ᠤᠨ ᠳᠠᠷᠠᠭ᠎ᠠ᠂ ᠤᠷᠳᠤᠰ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠤᠤ ᡁᠢ ᠱᠧᠨ ᠠᠴᠠ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠢ ᠬᠤᠭᠤᠴᠠᠭ᠎ᠠ ᠶᠣᠰᠣᠭᠠᠷ ᠠᠬᠢᠭᠤᠯᠬᠤ᠂ ᠡᠮᠨᠡᠯᠭᠡ ᠶᠢᠨ ᠬᠤᠷᠢᠶ᠎ᠠ ᠶᠢᠨ ᠰᠤᠷᠲᠠᠯ ᠤᠬᠠᠭᠤᠯᠭ᠎ᠠ ᠶᠢᠨ ᠠᠵᠢᠯ ᠢ ᠴᠢᠩᠭᠠᠳᠬᠠᠬᠤ᠂ ᠡᠯ᠎ᠡ ᠵᠦᠢᠯ ᠤᠨ ᠲᠣᠭᠲᠠᠴᠠ ᠲᠦᠷᠢᠮ ᠢ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠪᠣᠯᠭᠠᠬᠤ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠵᠣᠭᠤᠰ ᠢ ᠰᠢᠮᠳᠠᠭᠤᠯᠤᠨ ᠨᠠᠶᠢᠳᠠᠪᠤᠷᠢᠵᠢᠭᠤᠯᠬᠤ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号