ᠡᠵᠡᠩᠨᠡᠭᠰᠡᠨ ᠬᠤᠶᠠᠷ ᠵᠢᠯ ᠤᠨ ᠲᠤᠷᠰᠢ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ | ᠲᠥᠪ ᠵᠠᠬ᠎ᠠ ᠳᠡᠯᠭᠡᠭᠦᠷ ᠲᠤ ᠦᠯᠦ ᠭᠠᠷᠤᠭᠰᠠᠨ 700 ᠭᠠᠷᠤᠢ ᠠᠵᠤ ᠠᠬᠤᠶᠢᠯᠠᠯ ᠳᠤ ᠰᠲ᠋ᠣᠺ ᠤᠨ ᠡᠷᠬᠡ ᠶᠢ | ᠳᠠᠩᠰᠠᠯᠠᠬᠤ᠂ ᠨᠠᠶᠢᠳᠠᠨ ᠬᠠᠮᠢᠶᠠᠷᠤᠭᠤᠯᠬᠤ᠂ ᠰᠢᠯᠵᠢᠭᠦᠯᠦᠨ ᠥᠭᠬᠦ ᠪᠠ ᠪᠡᠯᠡ ᠣᠷᠣᠭᠤᠯᠵᠤ ᠪᠡᠯᠡ ᠲᠣᠬᠢᠷᠠᠭᠤᠯᠬᠤ | ᠵᠡᠷᠭᠡ ᠦᠢᠯᠡᠴᠢᠯᠡᠭᠡ ᠬᠠᠩᠭᠠᠪᠠ᠃ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ | ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ 2 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ | ᠨᠡᠶᠢᠲᠡ 765 ᠠᠵᠤ ᠠᠬᠤᠶᠢᠯᠠᠯ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ | ᠫᠠᠶᠢᠰᠠ ᠡᠯᠭᠦᠵᠦ᠂ ᠡᠭᠦᠨ ᠳᠤ 87 ᠠᠵᠤ ᠠᠬᠤᠶᠢᠯᠠᠯ ᠨᠢ ᠰᠲ᠋ᠣᠺ ᠤᠨ ᠡᠷᠬᠡ ᠶᠢᠨ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠶᠢ ᠣᠯᠵᠤ᠂ ᠨᠠᠶᠢᠳᠠᠨ ᠬᠠᠮᠢᠶᠠᠷᠤᠭᠤᠯᠬᠤ ᠬᠤᠪᠢ ᠣᠷᠣᠭᠤᠯᠤᠯᠲᠠ ᠶᠢᠨ ᠪᠡᠯᠡ ᠨᠢ 27.8 | ᠳ᠋ᠦᠩᠰᠢᠭᠤᠷ ᠰᠲ᠋ᠣᠺ ᠲᠤ ᠬᠦᠷᠴᠡᠢ︔ 300 ᠭᠠᠷᠤᠶ ᠠᠵᠤ ᠠᠬᠤᠶᠢᠯᠠᠯ ᠰᠲ᠋ᠣᠺ ᠤᠨ ᠡᠷᠬᠡ ᠶᠢ ᠰᠢᠯᠵᠢᠭᠦᠯᠦᠨ | ᠥᠭᠬᠦ ᠵᠡᠷᠭᠡ ᠠᠷᠭ᠎ᠠ ᠪᠠᠷ ᠳᠠᠮᠵᠢᠭᠤᠯᠤᠨ᠂ ᠨᠡᠶᠢᠲᠡ 54.81 ᠳ᠋ᠦᠩᠰᠢᠭᠤᠷ ᠲᠥᠭᠦᠷᠢᠭ ᠤᠨ ᠪᠡᠯᠡ | ᠲᠣᠬᠢᠷᠠᠭᠤᠯᠭ᠎ᠠ ᠶᠢ ᠪᠡᠶᠡᠯᠡᠭᠦᠯᠪᠡ᠃ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ 2014 | ᠣᠨ ᠤ 3 ᠳ᠋ᠤᠭᠠᠷ ᠰᠠᠷ᠎ᠠ ᠠᠴᠠ ᠡᠬᠢᠯᠡᠨ ᠡᠵᠡᠩᠨᠡᠪᠡ᠃ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠪᠣᠯᠣᠭᠰᠠᠨ ᠤ ᠬᠤᠪᠢ ᠳᠤ ᠲᠤᠰ ᠲᠥᠪ ᠨᠢ ᠭᠤᠣᠯᠳᠠᠭᠤ ᠥᠪᠥᠷ ᠮᠣᠩᠭᠤᠯ ᠤᠨ | ᠵᠠᠬ᠎ᠠ ᠳᠡᠯᠭᠡᠭᠦᠷ ᠲᠤ ᠦᠯᠦ ᠭᠠᠷᠤᠭᠰᠠᠨ ᠠᠵᠤ ᠠᠬᠤᠶᠢᠯᠠᠯ ᠳᠤ ᠰᠲ᠋ᠣᠺ ᠤᠨ ᠡᠷᠬᠡ ᠶᠢ ᠳᠠᠩᠰᠠᠯᠠᠬᠤ᠂ ᠨᠠᠶᠢᠳᠠᠨ | ᠬᠠᠮᠢᠶᠠᠷᠤᠭᠤᠯᠬᠤ᠂ ᠰᠢᠯᠵᠢᠭᠦᠯᠦᠨ ᠥᠭᠬᠦ᠂ ᠠᠰᠢᠭ ᠬᠤᠪᠢᠶᠠᠬᠤ ᠬᠦᠦ ᠲᠡᠰᠭᠡᠬᠦ ᠶᠢ ᠣᠷᠣᠯᠠᠬᠤ ᠵᠡᠷᠭᠡ ᠦᠢᠯᠡᠴᠢᠯᠡᠭᠡ | ᠬᠠᠩᠭᠠᠬᠤ ᠪᠠ ᠠᠵᠤ ᠠᠬᠤᠶᠢᠯᠠᠯ ᠤᠨ ᠯᠠᠪᠯᠠᠯᠭ᠎ᠠ ᠥᠭᠬᠦ᠂ ᠳᠡᠯᠭᠡᠨ ᠦᠵᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ | ᠨᠡᠶᠢᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠶᠢᠭᠤᠯᠬᠤ᠂ ᠢᠯᠡᠷᠬᠡᠶᠢᠯᠡᠯ ᠰᠣᠯᠢᠬᠤ ᠵᠠᠬ᠎ᠠ ᠳᠡᠯᠭᠡᠭᠦᠷ ᠲᠤ | ᠭᠠᠷᠭᠠᠬᠤ ᠪᠠ ᠰᠲ᠋ᠣᠺ ᠤᠨ ᠡᠷᠬᠡ᠂ ᠠᠪᠴᠠᠭ᠎ᠠ ᠵᠡᠷᠭᠡ ᠪᠡᠯᠡ ᠣᠷᠣᠭᠤᠯᠵᠤ ᠪᠡᠯᠡ ᠲᠣᠬᠢᠷᠠᠭᠤᠯᠬᠤ ᠦᠢᠯᠡᠴᠢᠯᠡᠭᠡ | ᠬᠠᠩᠭᠠᠵᠤ᠂ ᠦᠢᠯᠡᠴᠢᠯᠡᠭᠦᠯᠦᠭᠴᠢ ᠨᠢ ᠭᠤᠣᠯᠳᠠᠭᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ᠎ᠠ᠃ |