1 — 2 ᠳ᠋ᠤᠭᠠᠷ ᠰᠠᠷ᠎ᠠ ᠳᠤ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ 1043.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 2.3 ᠵᠠᠭᠤᠨ ᠤ ᠴᠡᠭ ᠨᠡᠮᠡᠭᠳᠡᠵᠦ᠂ ᠲᠣᠭᠲᠠᠭᠤᠨ ᠪᠥᠭᠡᠳ ᠨᠡᠯᠢᠶᠡᠳ ᠲᠦᠷᠭᠡᠨ | ᠨᠡᠮᠡᠭᠳᠡᠭᠰᠡᠨ ᠪᠠᠶᠢᠨ᠎ᠠ᠃ ᠪᠦ᠋ᠬᠦ ᠣᠷᠣᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠭᠤᠣᠯ | ᠣᠨᠴᠠᠯᠢᠭ ᠭᠡᠪᠡᠯ᠄ ᠨᠢᠭᠡ ᠳᠤ ᠬᠤᠳᠠ ᠪᠠᠯᠭᠠᠰᠤᠨ ᠤ ᠬᠡᠷᠡᠭᠯᠡᠭᠡᠨ ᠤ ᠳᠠᠶᠢᠴᠢᠯᠠᠯᠲᠠ ᠢᠯᠡᠷᠬᠡᠶ᠂ ᠬᠥᠳᠡᠭᠡ | ᠲᠣᠰᠬᠤᠨ ᠤ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠶᠢᠨ ᠬᠢ ᠠᠴᠠ ᠳᠠᠪᠠᠵᠠᠢ᠃ ᠬᠤᠲᠠ | ᠪᠠᠯᠭᠠᠰᠤ ᠶᠢᠨ ᠬᠡᠷᠡᠭᠯᠡᠭᠡ ᠨᠢ 914.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9% ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠬᠥᠳᠡᠭᠡ ᠲᠣᠰᠬᠤᠨ ᠤ | ᠬᠡᠷᠡᠭᠯᠡᠭᠡ ᠠᠴᠠ1.1 ᠵᠠᠭᠤᠨ ᠤ ᠴᠡᠭ ᠳᠤᠤᠷ᠎ᠠ ᠪᠤᠯᠵᠠᠢ᠃ ᠬᠤᠶᠠᠷ ᠲᠤ ᠲᠠᠸᠠᠷ ᠤᠨ ᠵᠢᠵᠢᠭᠯᠡᠨ ᠬᠤᠳᠠᠯᠳᠤᠬᠤ | ᠬᠤᠷᠳᠤᠴᠠ ᠲᠦᠷᠭᠡᠨ ᠢᠶᠠᠷ ᠨᠡᠮᠡᠭᠳᠡᠪᠡ᠃ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 887.8 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.5 ᠵᠠᠭᠤᠨ ᠤ ᠴᠡᠭ ᠨᠡᠮᠡᠭᠳᠡᠪᠡ᠃ | ᠭᠤᠷᠪᠠ ᠳᠤ ᠠᠮᠤ ᠪᠤᠳᠠᠭ᠎ᠠ ᠲᠤᠰᠤ᠂ ᠢᠳᠡᠭᠡᠨ᠂ ᠠᠷᠢᠬᠢ ᠲᠠᠮᠠᠬᠢ ᠶᠢᠨ ᠲᠦᠷᠦᠯ ᠤᠨ ᠲᠠᠸᠠᠷ ᠤᠨ | ᠪᠣᠷᠣᠯᠠᠭᠤᠯᠭ᠎ᠠ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠣᠷᠣᠯᠠᠭᠤᠯᠭ᠎ᠠ ᠶᠢᠨ ᠲᠤᠭ᠎ᠠ ᠨᠢ 49.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.1% ᠪᠠᠷ ᠨᠡᠮᠡᠭᠳᠡᠪᠡ᠃ ᠳᠥᠷᠪᠡ ᠳᠤ ᠮᠠᠰᠢᠨ | ᠲᠡᠷᠭᠡᠨ ᠤ ᠳᠦᠷᠦᠯ ᠤᠨ ᠬᠡᠷᠡᠭᠯᠡᠭᠡ ᠶᠡᠭᠡ ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ | ᠲᠡᠷᠭᠡ ᠶᠢᠨ ᠲᠦᠷᠦᠯ ᠤᠨ ᠲᠠᠸᠠᠷ ᠤᠨ ᠪᠤᠷᠤᠯᠠᠭᠤᠯᠭ᠎ᠠ ᠨᠢ 83.7 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 9.4 ᠵᠠᠭᠤᠨ ᠤ ᠴᠡᠭ ᠨᠡᠮᠡᠭᠳᠡᠪᠡ᠃ |