ᠬᠠᠳᠤᠨ ᠭᠤᠣᠯ ᠤᠨ ᠥᠪᠥᠷ ᠮᠣᠩᠭᠤᠯ ᠳᠠᠬᠢ ᠬᠥᠯᠳᠡᠭᠰᠡᠨ ᠬᠡᠰᠡᠭ ᠪᠦᠬᠦᠨ ᠢᠶᠠᠷ ᠢᠶᠠᠨ ᠨᠡᠪᠲᠡᠷᠡᠪᠡ
ᠨᠡᠶᠢᠲᠡᠯᠡᠭᠰᠡᠨ ᠴᠠᠭ᠄
2016/3/25
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠢᠶᠠᠷ᠂ 3 ᠳ᠋ᠤᠭᠠᠷ ᠰᠠᠷ᠎ᠠ ᠶᠢᠨ 24᠎ ᠤ ᠡᠳᠦᠷ ᠤᠨ 9 ᠴᠠᠭ ᠪᠣᠯᠬᠤ ᠳᠤ᠂ ᠸᠠᠨ ᠵᠢᠶ᠋ᠨ ᠵᠢᠶᠧ ᠤᠰᠤᠨ ᠠᠰᠢᠭᠯᠠᠯᠲᠠ ᠶᠢᠨ ᠬᠦᠢᠰᠦ ᠴᠥᠭᠦᠷᠥᠮ ᠤᠨ ᠣᠷᠣᠨ ᠠᠴᠠ ᠭᠠᠳᠠᠨ᠎ᠠ᠂ ᠬᠠᠳᠤᠨ ᠭᠤᠣᠯ ᠤᠨ ᠥᠪᠥᠷ ᠮᠣᠩᠭᠤᠯ ᠳᠠᠬᠢ ᠬᠥᠯᠳᠡᠭᠰᠡᠨ ᠬᠡᠰᠡᠭ ᠪᠦᠬᠦᠨ ᠢᠶᠠᠷ ᠢᠶᠠᠨ ᠨᠡᠪᠲᠡᠷᠡᠵᠦ᠂ ᠬᠠᠲᠤᠨ ᠭᠤᠣᠯ ᠤᠨ ᠰᠦᠩ ᠬᠠᠯᠢᠶ᠎ᠠ ᠶᠢ ᠠᠮᠤᠷ ᠲᠦᠪᠰᠢᠨ ᠥᠩᠭᠡᠷᠡᠭᠡᠪᠡ᠃      ᠡᠨᠡ ᠵᠢᠯ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ 24 ᠡᠳᠦᠷ ᠲᠤ ᠭᠡᠰᠴᠦ᠂ ᠭᠡᠰᠦᠭᠰᠡᠨ ᠴᠠᠭ ᠬᠤᠭᠤᠴᠠᠭ᠎ᠠ ᠨᠢ ᠶᠡᠷᠦ ᠶᠢᠨ ᠵᠢᠯ ᠤᠨ ᠬᠢ ᠲᠠᠢ ᠠᠳᠠᠯᠢᠪᠲᠤᠷ ᠪᠠᠶᠢᠵᠤ᠂ ᠮᠥᠰᠥᠨ ᠲᠦᠭᠵᠢᠷᠡᠯ ᠮᠥᠰᠥᠨ ᠳᠠᠯᠠᠩ ᠤᠨ ᠠᠶᠤᠯᠲᠤ ᠪᠠᠶᠢᠳᠠᠯ ᠭᠠᠷᠪᠠ᠃ ᠤᠰᠤᠨ ᠤ ᠬᠠᠳᠠᠭᠠᠯᠠᠭᠳᠠᠴᠠ ᠶᠢᠨ ᠰᠤᠯᠠᠯᠠᠬᠤ ᠬᠡᠮᠵᠢᠶ᠎ᠡ ᠨᠡᠯᠢᠶᠡᠳ ᠲᠦᠷᠭᠡᠨ᠂ ᠬᠠᠯᠢᠶ᠎ᠠ ᠨᠡᠯᠢᠶᠡᠳ ᠥᠨᠳᠥᠷ ᠪᠠᠶᠢᠵᠤ᠂ ᠡᠭᠦᠨ ᠳᠤ᠂ ᠲᠸᠦ ᠳ᠋ᠣᠦ ᠭᠤᠸᠠᠢ ᠥᠷᠲᠡᠭᠡᠨ ᠤ ᠬᠠᠮᠤᠭ ᠤᠨ ᠶᠡᠭᠡ ᠰᠦᠩ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 2010 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠣᠶᠢᠷ᠎ᠠ ᠶᠢᠨ ᠵᠢᠯ ᠲᠤᠷᠰᠢᠲᠠ ᠬᠠᠮᠤᠭ ᠤᠨ ᠥᠨᠳᠥᠷ ᠬᠠᠯᠢᠶ᠎ᠠ ᠪᠣᠯᠪᠠ᠃ ᠲᠸᠦ ᠳ᠋ᠣᠦ ᠭᠤᠸᠠᠢ ᠥᠷᠲᠡᠭᠡ ᠠᠴᠠ ᠳᠡᠭᠡᠭᠰᠢᠬᠢ ᠭᠤᠣᠯ ᠤᠨ ᠬᠡᠰᠡᠭ ᠤᠨ ᠤᠰᠤᠨ ᠲᠦᠪᠰᠢᠨ ᠨᠡᠯᠢᠶᠡᠳ ᠳᠣᠣᠷ᠎ᠠ᠂ ᠶᠡᠭᠡ ᠬᠠᠰᠢᠯᠭ᠎ᠠ ᠶᠢᠨ ᠤᠰᠤ ᠬᠠᠳᠠᠭᠠᠯᠠᠬᠤ ᠬᠡᠮᠵᠢᠶ᠎ᠡ ᠶᠡᠷᠦ ᠶᠢᠨ ᠵᠢᠯ ᠤᠨ ᠬᠢ ᠠᠴᠠ ᠪᠠᠭᠠᠰᠪᠠ᠃ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠬᠡᠳᠦ᠋ᠢᠪᠡᠷ ᠬᠦᠨᠳᠦ ᠬᠡᠴᠡᠭᠦᠦ ᠪᠠᠶᠢᠭᠰᠠᠨ ᠪᠣᠯᠪᠠᠴᠤ ᠡᠯ᠎ᠡ ᠱᠠᠲᠤᠨ ᠤ ᠤᠳᠤᠷᠢᠳᠤᠯᠭ᠎ᠠ ᠬᠦᠨᠳᠦᠳᠬᠡᠨ ᠦᠵᠡᠵᠦ᠂ ᠡᠷᠲᠡ ᠪᠠᠶᠢᠷᠢᠯᠠᠭᠤᠯᠤᠠ᠂ ᠡᠷᠲᠡ ᠠᠵᠢᠯᠯᠠᠭ᠎ᠠ ᠠᠪᠴᠤ᠂ ᠬᠠᠳᠤᠨ ᠭᠤᠣᠯ ᠳᠠᠭᠠᠤ ᠡᠯ᠎ᠡ ᠭᠠᠵᠠᠷ ᠤᠨ ᠬᠢᠨ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠰᠦᠩ ᠬᠠᠯᠢᠶ᠎ᠠ ᠶᠢᠨ ᠭᠠᠮᠰᠢᠭ ᠢ ᠰᠡᠷᠭᠡᠶᠢᠯᠡᠬᠦ ᠎ ᠳᠤ ᠢᠯᠠᠯᠲᠠ ᠣᠯᠵᠤ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠰᠦᠩ ᠬᠠᠯᠢᠶ᠎ᠠ ᠶᠢ ᠰᠡᠷᠭᠡᠶᠢᠯᠡᠬᠦ 2 ᠠᠵᠢᠯ ᠤᠨ ᠳᠤᠭᠤᠶᠢᠯᠠᠩ ᠲᠣᠮᠢᠯᠠᠵᠤ᠂ 3 ᠳ᠋ᠤᠭᠠᠷ ᠰᠠᠷ᠎ᠠ ᠶᠢᠨ 5᠎ ᠤ ᠡᠳᠦᠷ ᠠᠴᠠ ᠡᠬᠢᠯᠡᠵᠦ᠂ ᠭᠤᠣᠯ ᠭᠡᠰᠴᠦ ᠳᠠᠭᠤᠰᠲᠠᠯ᠎ᠠ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠡᠯ᠎ᠡ ᠭᠠᠵᠠᠷ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠢᠮᠳᠠᠭᠤᠯᠤᠨ ᠪᠠᠶᠢᠴᠠᠭᠠᠪᠠ᠃ ᠥᠪᠥᠷ ᠮᠣᠩᠭᠤᠯ ᠤᠨ ᠰᠦᠩ ᠬᠠᠯᠢᠶ᠎ᠠ ᠎ ᠶᠢ ᠰᠡᠷᠭᠡᠶᠢᠯᠡᠬᠦ ᠡᠭᠦᠷᠭᠡ ᠶᠢ ᠳᠡᠮᠵᠢᠬᠦ ᠠᠭᠠᠷ ᠤᠨ ᠴᠡᠷᠢᠭ ᠰᠦᠡᠭ ᠬᠠᠯᠢᠶ᠎ᠠ ᠶᠢᠨ ᠪᠠᠶᠢᠳᠠᠯ ᠢ ᠲᠤᠷᠰᠢᠨ ᠪᠠᠶᠢᠴᠠᠭᠠᠬᠤ ᠵᠡᠷᠭᠡ ᠡᠭᠦᠷᠭᠡ ᠶᠢ ᠭᠦᠢᠴᠡᠳᠬᠡᠵᠦ᠂ ᠨᠡᠶᠢᠲᠡ 13 ᠤᠳᠠᠭ᠎ᠠ ᠨᠢᠰᠪᠡ︔ ᠳᠡᠯᠪᠡᠴᠢᠬᠦ ᠨᠢᠰᠬᠡᠯ ᠨᠢ ᠮᠥᠰᠥ ᠳᠡᠯᠪᠡᠴᠢᠬᠦ ᠡᠭᠦᠷᠭᠡ ᠶᠢ 1 ᠤᠳᠠᠭ᠎ᠠ ᠪᠡᠶᠡᠯᠡᠭᠦᠯᠵᠦ᠂ 1 ᠤᠳᠠᠭ᠎ᠠ ᠲᠤᠷᠰᠢᠪᠡ᠃ ᠰᠦᠩ ᠬᠠᠯᠢᠶ᠎ᠠ ᠶᠢ ᠰᠡᠷᠭᠡᠶᠢᠯᠡᠬᠦ ᠨᠡᠭᠦᠳᠡᠯ ᠲᠡᠷᠭᠡ ᠡᠳᠦᠷᠵᠢᠨ ᠬᠤᠶᠠᠷ ᠡᠷᠭᠢ ᠶᠢ ᠲᠣᠭᠤᠷᠢᠨ ᠬᠢᠨᠠᠨ ᠬᠡᠮᠵᠢᠵᠦ᠂ ᠮᠥᠰᠥᠨ ᠳᠠᠯᠠᠩ ᠂ ᠤᠰᠤᠨ ᠲᠦᠪᠰᠢᠨ ᠤ ᠮᠡᠳᠡᠭᠡ ᠵᠠᠩᠭᠢ ᠶᠢ ᠴᠠᠭ ᠢᠮᠠᠭᠲᠠ ᠬᠢᠨᠠᠨ ᠬᠡᠮᠵᠢᠵᠦ᠂ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠲᠤ ᠴᠠᠭ ᠳᠠᠷᠤᠢ ᠳᠤᠨᠢ ᠮᠡᠳᠡᠭᠦᠯᠪᠡ᠃ 3 ᠳ᠋ᠤᠭᠠᠷ ᠰᠠᠷ᠎ᠠ ᠶᠢᠨ 15᠎ ᠤ ᠡᠳᠦᠷ᠂ ᠠᠭᠠᠷ ᠤᠨ ᠴᠡᠷᠢᠭ ᠠᠩᠭᠢ ᠣᠷᠳᠣᠰ ᠬᠤᠲᠠ ᠶᠢᠨ ᠳᠠᠯᠠᠳ ᠬᠤᠰᠢᠭᠤ ᠶᠢᠨ ᠫᠦ ᠭᠧ ᠪᠥᠸᠧ ᠭᠤᠣᠯ ᠤᠨ ᠲᠣᠬᠤᠢ ᠶᠢᠨ ᠰᠦᠡᠭ ᠬᠠᠯᠢᠶ᠎ᠠ ᠶᠢᠨ ᠮᠥᠰᠥ ᠶᠢ ᠳᠡᠯᠪᠡᠴᠢᠨ ᠠᠶᠤᠯ ᠢ ᠠᠷᠢᠯᠭᠠᠵᠤ᠂ 36 ᠳᠡᠯᠪᠡᠴᠢᠬᠦ ᠪᠥᠮᠪᠦᠭᠡ ᠬᠠᠶᠠᠵᠤ᠂ ᠭᠤᠣᠯ ᠢ ᠤᠷᠢᠳᠴᠢᠯᠠᠨ ᠨᠡᠪᠲᠡᠷᠡᠭᠦᠯᠵᠦ᠂ ᠳᠡᠭᠡᠳᠦ ᠤᠷᠤᠰᠬᠠᠯ ᠤᠨ ᠰᠦᠡᠭ ᠬᠠᠯᠢᠶ᠎ᠠ ᠶᠢ ᠰᠢᠯᠣᠭᠤᠳᠣᠭᠤᠯᠠᠨ ᠤᠷᠤᠭᠤᠳᠠᠭᠤᠯᠪᠠ᠃ ᠬᠥᠬᠡᠬᠤᠲᠠ ᠪᠠ ᠤᠷᠳᠤᠰ ᠬᠤᠳᠠ ᠶᠢᠨ ᠵᠠᠰᠠᠭ ᠤᠨ ᠣᠷᠳᠣᠨ᠂ ᠴᠢᠩ ᠱᠦᠢ ᠾᠧ ᠰᠢᠶᠠᠨ᠂ ᠵᠡᠭᠦᠨᠭᠠᠷ ᠬᠤᠰᠢᠭᠤ ᠶᠢᠨ ᠤᠰᠤᠨ ᠳᠤ ᠠᠪᠲᠠᠭᠰᠠᠨ ᠭᠠᠵᠠᠷ ᠣᠷᠣᠨ ᠤ ᠤᠯᠠᠨ ᠲᠦᠮᠡᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠠᠮᠤᠷ ᠲᠦᠪᠰᠢᠨ ᠢᠶᠠᠷ ᠰᠢᠯᠵᠢᠭᠦᠯᠦᠭᠡᠳ᠂ ᠬᠥᠮᠥᠰ ᠢ ᠰᠢᠷᠬᠠᠲᠤᠯ ᠡ᠊ᠨᠳᠡᠯ ᠠᠴᠠ ᠵᠠᠶᠢᠯᠠᠭᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号