ᠥᠪᠥᠷ ᠮᠣᠩᠭᠤᠯ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠵᠤ ᠪᠤᠢ᠄ ᠠᠵᠢᠯ ᠤᠨ ᠠᠮᠵᠢᠯᠲᠠ ᠶᠢ ᠴᠢᠬᠤᠯᠠᠴᠢᠯᠠᠵᠤ ᠴᠢᠳᠠᠪᠤᠷᠢ ᠶᠢ ᠴᠢᠬᠤᠯᠠᠴᠢᠯᠠᠵᠤ ᠬᠢᠷᠢ ᠬᠡᠮᠵᠢᠶ᠎ᠡ ᠶᠢ ᠴᠢᠬᠤᠯᠠᠴᠢᠯᠠᠨ᠎ᠠ
ᠨᠡᠶᠢᠲᠡᠯᠡᠭᠰᠡᠨ ᠴᠠᠭ᠄
2016/3/25
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ 3 ᠳ᠋ᠤᠭᠠᠷ ᠰᠠᠷ᠎ᠠ ᠶᠢᠨ 21᠎ ᠤ ᠡᠳᠦᠷ ᠳᠠᠷᠤᠮᠠᠯᠯᠠᠨ ᠲᠠᠷᠬᠠᠭᠠᠭᠰᠠᠨ ︽2016 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢᠨ ᠠᠵᠢᠯ ᠢ ᠪᠠᠶᠢᠷᠢᠯᠠᠭᠤᠯᠬᠤ ᠰᠠᠨᠠᠯ︾᠎ ᠳᠤ ᠲᠣᠲᠣᠷᠬᠠᠶᠢᠯᠠᠭᠰᠠᠨ ᠨᠢ᠂ ᠮᠠᠨ ᠤ ᠣᠷᠣᠨ ᠨᠢᠵᠡᠭᠡᠳ ᠳᠦᠷᠦ ᠶᠢᠨ ᠪᠤᠳᠤᠯᠭ᠎ᠠ ᠶᠢᠨ ᠲᠣᠭᠲᠠᠭᠠᠯ ᠢᠶᠠᠷ ᠳᠠᠮᠵᠢᠭᠤᠯᠤᠨ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ  ᠪᠦᠷᠢᠨᠰᠢᠭᠦᠯᠵᠦ᠂ ᠠᠵᠢᠯ ᠤᠨ ᠠᠮᠵᠢᠯᠲᠠ ᠶᠢ ᠴᠢᠬᠤᠯᠠᠴᠢᠯᠠᠨ᠂ ᠴᠢᠳᠠᠪᠤᠷᠢ ᠶᠢ ᠴᠢᠬᠤᠯᠠᠴᠢᠯᠠᠵᠤ᠂ ᠬᠢᠷᠢ ᠬᠡᠮᠵᠢᠶ᠎ᠡ ᠶᠢ ᠴᠢᠬᠤᠯᠠᠴᠢᠯᠠᠭᠰᠠᠨ ᠠᠵᠢᠯ ᠨᠢᠬᠡᠲᠡᠳ ᠪᠣᠯᠣᠨ ᠨᠡᠶᠢᠭᠡᠮ ᠠᠴᠠ ᠮᠡᠳᠡᠷᠡᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠠᠯᠬᠤᠮ ᠠᠯᠬᠤᠮ ᠢᠶᠠᠷ ᠪᠤᠢ ᠪᠣᠯᠭᠠᠬᠤ ᠬᠡᠷᠡᠭᠲᠡᠶ ᠭᠡᠵᠡᠢ᠃      ᠣᠶᠢᠯᠠᠭᠠᠭᠰᠠᠨ ᠢᠶᠠᠷ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠢᠨ᠎ᠡ ᠬᠠᠭᠤᠴᠢᠨ ᠨᠥᠬᠦᠴᠡᠯ ᠤᠨ ᠲᠦᠷᠤ ᠶᠢᠨ ᠪᠤᠳᠤᠯᠭ᠎ᠠ ᠶᠢ ᠠᠪᠴᠠᠯᠳᠤᠭᠤᠯᠬᠤ ᠠᠵᠢᠯ ᠢ ᠰᠠᠶᠢᠲᠤᠷ ᠬᠢᠬᠦ ᠲᠠᠯ᠎ᠠ ᠪᠠᠷ᠂ ᠥᠩᠭᠡᠷᠡᠭᠰᠡᠨ ᠤ ᠬᠢᠨᠠᠨ ᠲᠣᠭᠲᠠᠭᠠᠬᠤ ᠨᠥᠬᠦᠴᠡᠯ ᠢ ᠡᠨᠡ ᠵᠢᠯ ᠦᠷᠭᠦᠯᠵᠢᠯᠡᠨ ᠬᠡᠷᠡᠭᠯᠡᠬᠦ ᠶᠢᠨ ᠬᠠᠮᠲᠤ  ᠬᠢᠨᠠᠨ ᠲᠣᠭᠲᠠᠭᠠᠬᠤ ᠰᠢᠨ᠎ᠡ ᠨᠥᠬᠦᠴᠡᠯ ᠢ ᠰᠤᠷᠤᠯᠴᠠᠨ ᠤᠬᠠᠭᠤᠯᠬᠤ ᠠᠵᠢᠯ ᠢ ᠰᠠᠶᠢᠲᠤᠷ ᠬᠢᠵᠦ᠂ 2017 ᠣᠨ ᠎ ᠳᠤ ᠬᠢᠨᠠᠨ ᠲᠣᠭᠲᠠᠭᠠᠬᠤ ᠰᠢᠨ᠎ᠡ ᠨᠥᠬᠦᠴᠡᠯ ᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠠᠭᠤᠷᠢ ᠲᠠᠯᠪᠢᠵᠤ ᠥᠭᠭᠦᠨ᠎ᠡ᠃ ᠦᠨᠡᠯᠡᠬᠦ ᠠᠷᠭ᠎ᠠ ᠪᠠᠷᠢᠯ ᠢ ᠰᠢᠨᠡᠴᠢᠯᠡᠬᠦ ᠲᠠᠯ᠎ᠠ ᠪᠠᠷ᠂ ᠮᠠᠨ ᠤ ᠣᠷᠣᠨ ᠡᠷᠡᠭᠦᠯ ᠬᠠᠮᠠᠭᠠᠯᠠᠯ᠂ ᠠᠵᠤ ᠠᠬᠤᠶ᠂ ᠨᠢᠭᠲᠠᠯᠠᠨ ᠪᠤᠳᠤᠬᠤ᠂ ᠬᠢᠨᠠᠨ ᠪᠤᠳᠤᠬᠤ᠂ ᠲᠤᠭ᠎ᠠ ᠪᠦᠷᠢᠳᠬᠡᠯ ᠤᠨ ᠰᠢᠷᠢᠰ ᠵᠢᠴᠢ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ᠂ ᠮᠡᠷᠭᠡᠵᠢᠯ ᠢᠶᠠᠷ ᠲᠠᠩᠨᠠᠬᠤ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠲᠠᠩᠨᠠᠯᠲᠠ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠳᠤ᠂ ᠰᠢᠯᠭᠠᠬᠤ ᠬᠢᠨᠠᠬᠤ ᠶᠢ ᠤᠶᠠᠯᠳᠤᠭᠤᠯᠬᠤ ᠦᠨᠡᠯᠡᠯᠲᠡ ᠶᠢᠨ ᠠᠷᠭ᠎ᠠ ᠪᠠᠷᠢᠯ ᠢ ᠥᠷᠭᠦᠯᠵᠢᠯᠡᠨ ᠬᠡᠷᠡᠭᠵᠢᠭᠦᠯᠦᠨ᠎ᠡ︔ ᠺᠣᠮᠫᠢᠦ᠋ᠲ᠋ᠧᠷ᠂ ᠭᠠᠳᠠᠭᠠᠳᠤ ᠬᠡᠯᠡᠨ ᠤ ᠣᠷᠴᠢᠭᠤᠯᠭ᠎ᠠ ᠵᠡᠷᠭᠡ ᠰᠢᠷᠢᠰ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠤᠯᠤᠰ  ᠤᠨ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠰᠢᠯᠭᠠᠬᠤ ᠪᠠᠷ ᠬᠢᠨᠠᠨ ᠰᠢᠯᠭᠠᠬᠤ ᠶᠢ ᠣᠷᠣᠯᠠᠭᠤᠯᠤᠨ᠎ᠠ︔ ᠬᠢᠴᠢᠶᠡᠯ ᠵᠢᠭᠠᠬᠤ ᠬᠢᠴᠢᠶᠡᠯ ᠶᠠᠷᠢᠬᠤ᠂ ᠨᠢᠭᠤᠷᠳᠠᠨ ᠰᠢᠯᠭᠠᠵᠤ ᠨᠣᠮ ᠬᠠᠶᠠᠯᠴᠠᠬᠤ᠂ ᠲᠣᠭᠠᠴᠢᠯᠠᠨ ᠬᠢᠨᠠᠨ ᠲᠣᠭᠲᠠᠭᠠᠬᠤ᠂ ᠲᠤᠰᠬᠠᠶ ᠮᠡᠷᠭᠡᠵᠢᠯᠲᠡᠨ ᠦᠨᠡᠯᠡᠨ ᠰᠢᠯᠭᠠᠷᠠᠭᠤᠯᠬᠤ᠂ ᠠᠷᠠᠳᠴᠢᠯᠠᠯ ᠢᠶᠠᠷ ᠰᠢᠯᠭᠠᠨ ᠲᠣᠭᠲᠠᠭᠠᠬᠤ ᠵᠡᠷᠭᠡ ᠤᠯᠠᠨ ᠵᠦᠢᠯ ᠤᠨ ᠦᠨᠡᠯᠡᠯᠲᠡ ᠶᠢᠨ ᠠᠷᠭ᠎ᠠ ᠪᠠᠷᠢᠯ ᠢ ᠠᠪᠴᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠠᠵᠢᠯ ᠤᠨ ᠠᠮᠵᠢᠯᠲᠠ᠂ ᠴᠢᠳᠠᠪᠤᠷᠢ ᠳᠤ ᠪᠦᠲᠦᠮᠵᠢᠲᠡᠶ ᠦᠨᠡᠯᠡᠯᠲᠡ ᠬᠢᠨ᠎ᠡ︔ ᠪᠤᠭᠤᠲᠤ ᠬᠤᠲᠠ ᠶᠢᠨ ᠬᠡᠰᠡᠭ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠳᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠶᠢ ᠦᠷᠭᠦᠯᠵᠢᠯᠡᠨ ᠲᠤᠷᠰᠢᠨ ᠬᠡᠷᠡᠭᠵᠢᠭᠦᠯᠵᠦ᠂ ᠴᠠᠭᠠᠰᠤ ᠬᠡᠷᠡᠭᠯᠡᠬᠦ ᠦᠭᠡᠢ ᠪᠠᠷ ᠬᠢᠨᠠᠨ ᠲᠣᠭᠲᠠᠭᠠᠨ᠎ᠠ᠃ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠡᠨᠡ ᠵᠢᠯ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ︵ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠦᠵᠡᠯ ᠰᠠᠨᠠᠭ᠎ᠠ ᠤᠯᠤᠰ ᠲᠥᠷᠥ ᠶᠢᠨ ᠰᠤᠳᠤᠯᠭᠠᠨ᠂ ᠲᠤᠷᠰᠢᠯᠲᠠ ᠶᠢᠨ ᠰᠢᠷᠢᠰ ᠢ ᠪᠠᠭᠲᠠᠭᠠᠨ᠎ᠠ︶ ᠲᠡᠷᠢᠭᠦᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠨᠠᠶᠢᠳᠠᠵᠤ ᠥᠪᠡᠷᠰᠡᠳ ᠢᠶᠠᠨ ᠦᠨᠡᠯᠡᠬᠦ ᠡᠷᠬᠡ ᠶᠢ  ᠪᠠᠭᠤᠯᠭᠠᠵᠤ ᠥᠭᠭᠦᠨ᠎ᠡ︔ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠡᠳ᠋ ᠥᠨᠳᠥᠷ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠡᠷᠬᠡ ᠶᠢ ᠳᠣᠷᠣᠭᠰᠢ ᠪᠠᠭᠤᠯᠭᠠᠭᠠᠳ ᠡᠯ᠎ᠡ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠠᠷᠢᠶᠠᠲᠤ ᠰᠢᠨᠵᠢᠯᠡᠭᠡᠨ ᠤ ᠨᠡᠶᠢᠭᠡᠮᠯᠢᠭ ᠤᠨ ᠲᠤᠷᠰᠢᠯᠲᠠ ᠶᠢᠨ ᠴᠢᠭ᠋ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠮᠡᠷᠭᠡᠵᠢᠯ ᠤᠨ ᠠᠵᠢᠯᠳᠡᠠ ᠤ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠠᠵᠢᠯ ᠢ ᠰᠦᠪᠡᠭᠴᠢᠯᠡᠨ ᠦᠷᠨᠢᠭᠦᠯᠬᠦ ᠶᠢ ᠵᠥᠪᠰᠢᠶᠡᠷᠡᠨ᠎ᠡ ᠭᠡᠵᠦ ᠲᠣᠲᠤᠷᠬᠠᠶᠢᠯᠠᠪᠠ᠃      ᠡᠭᠦᠨ ᠠᠴᠠ ᠭᠠᠳᠠᠨ᠎ᠠ᠂ ᠠᠵᠢᠯ ᠦᠢᠯᠡᠰ ᠤᠨ ᠨᠢᠭᠡᠴᠡ ᠶᠢᠨ ᠮᠡᠷᠭᠡᠵᠢᠯ ᠤᠨ ᠴᠣᠯᠠ ᠶᠢ ᠬᠢᠨᠠᠨ  ᠲᠣᠭᠲᠠᠭᠠᠬᠤ ᠶᠠᠪᠤᠳᠠᠯ ᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠲᠠᠢ ᠨᠢ ᠪᠦᠲᠦᠮᠵᠢᠲᠡᠶ ᠵᠤᠯᠭᠠᠭᠤᠯᠤᠨ᠎ᠠ᠃      ᠭᠤᠣᠯ ᠠᠭᠤᠯᠭ᠎ᠠ ᠨᠢ᠄ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ ᠬᠢᠨᠠᠨ ᠲᠣᠭᠲᠠᠭᠠᠭᠰᠠᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠣᠲᠣᠷ᠎ᠠ ᠶᠠᠪᠣᠭᠳᠠᠭᠤᠯᠤᠨ᠎ᠠ︔ ᠪᠤᠰᠤᠳ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠳ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠳᠤ᠂ ᠨᠢᠭᠡᠴᠡ ᠶᠢᠨ ᠨᠢᠭᠡᠨᠲᠡ ᠲᠣᠬᠢᠷᠠᠭᠤᠯᠤᠭᠰᠠᠨ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠲᠣᠭᠠᠨ ᠤ 10%᠎ ᠶᠢᠨ ᠬᠠᠷᠢᠴᠠᠯ ᠢᠶᠠᠷ ᠡᠵᠡᠮᠰᠢᠵᠦ ᠲᠠᠨᠢᠯᠴᠠᠭᠤᠯᠤᠨ ᠭᠤᠶᠤᠴᠢᠯᠠᠨ᠎ᠠ ︵ᠰᠢᠯᠭᠠᠬᠤ ᠪᠠ ᠬᠢᠨᠠᠨ ᠰᠢᠯᠭᠠᠬᠤ ᠶᠢ ᠤᠶᠠᠯᠳᠤᠭᠤᠯᠤᠭᠰᠠᠨ ᠰᠢᠷᠢᠰ ᠢ ᠪᠠᠭᠲᠠᠭᠠᠬᠤ ᠦᠭᠡᠢ︶᠃ ᠠᠶᠢᠮᠠᠭ ᠬᠤᠳᠠ ᠶᠢᠨ ᠭᠤᠶᠤᠴᠢᠯᠠᠬᠤ ᠬᠠᠷᠢᠴᠠᠯ ᠢ ᠬᠤᠰᠢᠭᠤ ᠰᠢᠶᠠᠨ ᠲᠣᠭᠤᠷᠢᠭ ᠢᠶᠠᠷ ᠨᠢᠭᠡᠴᠡ ᠪᠣᠯᠭᠠᠨ ᠨᠢᠭᠡᠳᠦᠯᠲᠡᠶ ᠬᠡᠮᠵᠢᠨ᠎ᠡ ︵ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠨᠢ ᠭᠤᠣᠯᠴᠢᠯᠠᠨ ᠬᠠᠮᠢᠶᠠᠷᠬᠤ ᠲᠢᠩᠬᠢᠮ ᠲᠣᠪᠴᠢᠶ᠎ᠠ ᠪᠠᠷ  ᠨᠢᠭᠡᠴᠡ ᠪᠣᠯᠭᠠᠨ ᠬᠡᠮᠵᠢᠨ᠎ᠡ︶︔  ᠱᠠᠳᠤ ᠠᠯᠭᠠᠰᠠᠭᠤᠯᠤᠨ ᠳᠡᠪᠰᠢᠭᠦᠯᠬᠦ ᠨᠥᠬᠦᠴᠡᠯ ᠳᠤ ᠨᠡᠶᠢᠴᠡᠭᠰᠡᠨ ᠭᠤᠶᠤᠴᠢᠯᠠᠭᠰᠠᠳ ᠠᠵᠢᠯ ᠤᠨ ᠪᠠᠶᠢᠷᠢ ᠶᠢᠨ ᠬᠠᠷᠢᠴᠠᠯ ᠳᠤ ᠬᠢᠵᠠᠭᠠᠷᠯᠠᠭᠳᠠᠬᠤ ᠦᠭᠡᠢ︔ ᠡᠷᠡᠭᠦᠯ ᠬᠠᠮᠠᠭᠠᠯᠠᠯ ᠵᠡᠷᠭᠡ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠬᠢᠨᠠᠨ ᠲᠣᠭᠲᠠᠭᠠᠬᠤ ᠰᠢᠨ᠎ᠡ ᠨᠥᠬᠦᠴᠡᠯ ᠤᠨ ᠲᠣᠭᠲᠠᠭᠠᠯ ᠶᠣᠰᠣᠭᠠᠷ᠂ 2017 ᠣᠨ ᠳᠤ ︽ᠤᠷᠢᠨ ᠬᠡᠷᠡᠭᠯᠡᠬᠦ ᠠᠵᠢᠯ ᠤᠨ ᠪᠠᠶᠢᠷᠢᠨ ᠳᠤ ᠪᠠᠶᠢᠬᠤ︾ ᠱᠠᠭᠠᠷᠳᠠᠯᠭ᠎ᠠ ᠪᠠᠷ ᠰᠢᠯᠵᠢᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号