ᠵᠠᠩ ᠯᠢ᠄ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠳᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2016/3/28
     3 ᠳ᠋ᠤᠭᠠᠷ ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠯᠢ ᠤᠷᠢᠯᠭ᠎ᠠ ᠪᠠᠷ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠬᠦ ᠳᠡᠭᠡᠨ ᠴᠢᠬᠤᠯᠠᠴᠢᠯᠠᠭᠰᠠᠨ ᠨᠢ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠭ᠎ᠠ ᠶᠢ ᠲᠣᠳᠣᠷᠬᠠᠶ ᠲᠠᠨᠢᠵᠤ᠂ ︽ᠬᠤᠶᠠᠷ ᠬᠤᠪᠢᠷᠠᠭᠠᠳᠤᠢ︾ ︽ᠳᠥᠷᠪᠡ ᠳᠤ ᠭᠦᠢᠴᠡᠳ ᠢᠲᠡᠭᠡᠯᠲᠡᠶ ᠪᠠᠶᠢᠬᠤ︾ ᠶᠠᠪᠤᠳᠠᠯ ᠢᠶᠠᠷ ᠦᠵᠡᠯ ᠰᠠᠨᠠᠭ᠎ᠠ ᠪᠠᠨ ᠦᠨᠡᠨ ᠬᠦ ᠨᠢᠭᠡᠳᠬᠡᠵᠦ᠂ ᠢᠲᠡᠭᠡᠯ ᠵᠣᠷᠢᠭ ᠢᠶᠠᠨ ᠬᠥᠪᠴᠢᠯᠡᠨ᠂ ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ᠂ ᠢᠯᠵᠠᠷᠠᠯ ᠢ ᠡᠰᠡᠷᠭᠦᠴᠡᠬᠦ ᠡᠨᠡ ᠬᠦ ᠢᠯᠠᠭᠳᠠᠵᠤ ᠪᠣᠯᠣᠰᠢ ᠦᠭᠡᠢ ᠳᠠᠶᠢᠨ ᠤ ᠢᠯᠠᠯᠲᠠ ᠶᠢ ᠤᠯᠬᠤ ᠬᠡᠷᠡᠭᠲᠡᠢ ᠭᠡᠪᠡ᠃      ᠵᠠᠩ ᠯᠢ ᠵᠢᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠨᠠᠮ ᠠᠴᠠ ᠨᠠᠮ ᠢ ᠬᠠᠮᠢᠶᠠᠷᠴᠤ ᠨᠠᠮ ᠢ ᠵᠠᠰᠠᠬᠤ ᠳᠠᠭᠠᠨ ᠬᠡᠲᠦᠷᠬᠡᠶ ᠠᠭᠤᠵᠢᠭᠤ᠂ ᠬᠡᠲᠦᠷᠬᠡᠶ ᠰᠣᠯᠠ᠂ ᠬᠡᠲᠦᠷᠬᠡᠶ ᠵᠥᠭᠡᠯᠡᠨ ᠪᠠᠶᠢᠬᠤ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠢᠯᠵᠢᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠦᠢᠯᠡᠳᠦᠯ ᠠᠩᠬ᠎ᠠ ᠠᠯᠬᠤᠮ ᠢᠯᠡᠷᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠠᠷᠤᠯᠲᠠ ᠶᠢᠨ ᠪᠠᠶᠢᠳᠠᠯ ᠶᠠᠭ ᠪᠦᠷᠢᠯᠳᠦᠵᠦ ᠪᠠᠶᠢᠨ᠎ᠠ᠃ ᠭᠡᠪᠡᠴᠦ ᠢᠯᠵᠠᠷᠠᠯ ᠤᠨ ᠠᠰᠠᠭᠤᠳᠠᠯ ᠮᠥᠨ ᠯᠡ ᠣᠷᠣᠰᠢᠵᠤ᠂ ︽ᠳᠥᠷᠪᠡᠨ ᠰᠤᠷᠲᠠᠯ︾᠎ ᠢ ᠣᠷᠣ ᠲᠠᠰᠤ ᠠᠷᠢᠯᠭᠠᠭᠤᠳᠠᠢ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠨᠠᠮ ᠤᠨ ᠲᠥᠪ ᠬᠤᠷᠢᠶ᠎ᠠ ᠶᠢᠨ ᠢᠯᠵᠠᠷᠠᠯ ᠢ ᠡᠷᠡᠰ ᠡᠰᠡᠷᠭᠦᠴᠡᠵᠦ ᠢᠲᠡᠭᠡᠯ ᠵᠣᠷᠢᠭ ᠬᠤᠪᠢᠷᠠᠭᠠᠳᠤᠢ᠂ ᠢᠯᠵᠠᠷᠠᠮᠠᠯ ᠦᠵᠡᠭᠳᠡᠯ ᠦᠷᠪᠢᠰᠦᠨ ᠳᠡᠯᠭᠡᠷᠡᠬᠦ ᠪᠠᠶᠢᠳᠠᠯ ᠢ ᠡᠷᠡᠰ ᠬᠤᠷᠢᠭᠯᠠᠨ ᠵᠣᠭᠰᠣᠭᠠᠬᠤ ᠬᠠᠷᠠᠯᠲᠠ ᠬᠤᠪᠢᠷᠠᠭᠠᠳᠤᠢ ᠪᠠᠶᠢᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠨᠢᠭᠡᠨᠲᠡ ᠰᠢᠨ᠎ᠡ ᠬᠡᠪ ᠪᠠᠶᠢᠳᠠᠯ ᠳᠤ ᠣᠷᠣᠵᠤ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠤᠯᠠᠮ ᠠᠴᠠ ᠤᠯᠠᠮ ᠴᠢᠩᠭᠠᠷᠠᠵᠤ᠂ ᠳᠦᠷᠢᠮ ᠤᠨ ᠬᠤᠷᠢᠭ᠎ᠠ ᠤᠯᠠᠮ ᠠᠴᠠ ᠤᠯᠠᠮ ᠴᠢᠩᠭᠠᠷᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠤᠯᠠᠮ ᠠᠴᠠ ᠤᠯᠠᠮ ᠬᠦᠴᠦᠲᠡᠶ ᠪᠣᠯᠵᠤ ᠪᠠᠶᠢᠬᠤ ᠶᠢ ᠭᠦᠢᠴᠡᠳ ᠲᠠᠨᠢᠬᠤ ᠬᠡᠷᠡᠭᠲᠡᠶ᠃ ᠮᠠᠨ ᠤ ᠨᠠᠮ ᠤᠨ ᠢᠯᠵᠠᠷᠠᠯ ᠢ ᠡᠰᠡᠷᠭᠦᠴᠡᠬᠦ ᠶᠡᠷᠦᠩᠬᠡᠶ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠲᠠᠭᠠᠯᠲᠠ᠂ ᠵᠠᠰᠠᠬᠤ ᠪᠦᠲᠦᠴᠡ᠂ ᠠᠷᠭ᠎ᠠ ᠵᠠᠮ ᠪᠠ ᠠᠷᠭ᠎ᠠ ᠮᠠᠶ᠋ᠢᠭ ᠵᠡᠷᠭᠡ ᠲᠠᠯ᠎ᠠ ᠪᠠᠷ ᠳᠤᠷᠠᠳᠤᠭᠰᠠᠨ ᠠᠯᠢ ᠤᠯᠠᠨ ᠰᠢᠨ᠎ᠡ ᠰᠡᠳᠬᠢᠴᠡ᠂ ᠰᠢᠨ᠎ᠡ ᠣᠨᠣᠯᠵᠢᠬᠤᠨ ᠪᠠ ᠰᠢᠨ᠎ᠡ ᠠᠷᠭ᠎ᠠ ᠬᠡᠮᠵᠢᠶ᠎ᠡ ᠶᠢ ᠵᠥᠪ ᠢᠶᠠᠷ ᠣᠢᠢᠯᠠᠭᠠᠨ ᠡᠵᠡᠮᠰᠢᠵᠦ᠂ ᠨᠠᠮ ᠤᠨ ᠲᠥᠪ ᠬᠤᠷᠢᠶᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠠᠯ᠎ᠠ ᠪᠠᠷ ᠬᠢ ᠢᠲᠡᠭᠡᠯ ᠵᠣᠷᠢᠭ ᠲᠤ ᠪᠦᠷᠢᠨ ᠢᠲᠡᠭᠡᠯ ᠲᠠᠢ ᠪᠠᠶᠢᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠣᠯᠤᠭᠰᠠᠨ ᠠᠮᠵᠢᠯᠲᠠ ᠪᠦᠲᠦᠭᠡᠯ ᠳᠤ ᠭᠦᠢᠴᠡᠳ ᠢᠲᠡᠭᠡᠯ ᠲᠠᠢ ᠪᠠᠶᠢᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠠᠴᠠ ᠣᠯᠭᠤᠭᠰᠠᠨ ᠵᠥᠪ ᠡᠨᠧᠷᠭᠢ ᠳᠤ ᠭᠦᠢᠴᠡᠳ ᠢᠲᠡᠭᠡᠯ ᠲᠠᠢ ᠪᠠᠶᠢᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠡᠭᠡᠨ ᠰᠠᠷᠠᠭᠤᠯ ᠢᠷᠡᠭᠡᠳᠦᠶ ᠳᠤ ᠭᠦᠢᠴᠡᠳ ᠢᠲᠡᠭᠡᠯ ᠲᠠᠢ ᠪᠠᠶᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠦᠭᠡᠢ ᠭᠦᠨᠵᠡᠭᠡᠶᠢᠷᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号