ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ ᠨᠢ ᠠᠵᠢᠯ ᠤᠨ ᠦᠨᠡᠯᠡᠯᠲᠡ ᠶᠢ ᠲᠤᠰᠬᠠᠢ ᠰᠡᠳᠦᠪ ᠢᠶᠠᠷ ᠠᠰᠠᠭᠤᠨ ᠯᠠᠪᠯᠠᠬᠤ ᠪᠠᠷ ᠪᠣᠢ
ᠨᠡᠶᠢᠲᠡᠯᠡᠭᠰᠡᠨ ᠴᠠᠭ᠄
2016/3/28
     ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠢ ᠭᠦᠢᠴᠡᠳᠭᠡᠭᠰᠡᠨ ᠪᠠᠶᠢᠳᠠᠯ ᠪᠣᠯᠣᠨ ᠡᠳ᠋ ᠤᠨ ᠵᠠᠰᠠᠭ ᠤᠨ ᠪᠤᠰᠤᠳ ᠤᠷᠤᠯᠭ᠎ᠠ ᠵᠠᠷᠤᠯᠭ᠎ᠠ ᠶᠢᠨ 2015 ᠣᠨ ᠤ ᠬᠢᠨᠠᠨ ᠪᠤᠳᠤᠯᠳᠠ ᠳᠤ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠨᠨ ᠰᠠᠶᠢᠵᠢᠷᠠᠭᠤᠯᠤᠬᠰᠠᠨ ᠪᠠᠶᠢᠳᠠᠯ ᠢ ᠲᠤᠰᠬᠠᠢ ᠰᠡᠳᠤᠪ ᠢᠶᠠᠷ ᠠᠰᠠᠭᠤᠨ ᠯᠠᠪᠯᠠᠵᠤ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠣᠪᠴᠢᠶ᠎ᠡ ᠶᠢᠨ 2015 ᠣᠨ ᠤ ᠠᠵᠢᠯ ᠤᠨ ᠪᠠᠶᠢᠳᠠᠯ ᠳᠤ ᠦᠨᠡᠯᠡᠯᠲᠡ ᠬᠢᠵᠦ᠂ ᠡᠳᠡᠭᠡᠷ ᠨᠡᠶᠢᠭᠡᠮ ᠤᠨ ᠬᠠᠯᠠᠮᠰᠢᠯ ᠴᠢᠭ᠋ ᠪᠣᠯᠣᠨ ᠣᠯᠠᠨ ᠲᠥᠮᠡᠨ ᠤ ᠨᠡᠶᠢᠳᠡᠮ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠳᠤ ᠨᠢᠬᠡᠲᠦᠯᠲᠡᠢ ᠬᠠᠷᠢᠭᠤᠯᠲᠠ ᠥᠭᠬᠦ ᠪᠠᠷ ᠪᠠᠶᠢᠨ᠎ᠠ᠃      ᠲᠤᠰᠬᠠᠢ ᠰᠡᠳᠦᠪ ᠢᠶᠠᠷ ᠠᠰᠠᠭᠤᠨ ᠯᠠᠪᠯᠠᠬᠤ᠂ ᠠᠵᠢᠯ ᠢ ᠦᠨᠡᠯᠡᠬᠦ ᠪᠣᠯ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ ᠴᠢᠳᠠᠳᠠᠭ ᠪᠥᠭᠡᠳ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠭᠡ ᠰᠦᠷ ᠢ ᠲᠤᠰᠬᠠᠵᠤ ᠴᠢᠳᠠᠳᠠᠭ ᠨᠢᠭᠡᠨ ᠥᠷᠭᠦᠯᠵᠢ ᠬᠡᠷᠡᠭᠵᠢᠭᠦᠯᠳᠡᠭ ᠬᠢᠨᠠᠯᠲᠠ ᠲᠠᠯᠪᠢᠬᠤ ᠴᠢᠬᠤᠯᠠ ᠡᠷᠬᠡ ᠪᠣᠯᠣᠨ᠎ᠠ᠃ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠦᠭᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠭᠦ ᠲᠤᠬᠠᠢ ᠲᠣᠭᠲᠠᠭᠠᠯ ᠳᠤ ᠳᠤᠷᠠᠳᠤᠨ ᠭᠠᠷᠭᠠᠭᠰᠠᠨ ᠨᠢ᠄ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ︾ ︽︿ᠵᠠᠰᠠᠭ ᠤᠨ ᠤᠷᠳᠤᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ﹀᠎ ᠨᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠪᠣᠢ ᠪᠣᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤᠴᠠᠬᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠡᠯᠳᠡ ᠶᠢ ᠭᠦᠯᠢᠶᠡᠭᠦ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ︾ ︽ᠠᠰᠠᠭᠤᠨ ᠯᠠᠪᠯᠠᠬᠤ᠂ ᠲᠤᠯᠭᠠᠨ ᠠᠰᠠᠭᠤᠬᠤ ᠪᠠᠷ ᠲᠡᠮᠵᠢᠵᠤ ᠨᠠᠶᠢᠭᠡᠮ ᠤᠨ ᠰᠡᠳᠬᠢᠯ ᠲᠠᠯᠪᠢᠵᠤ ᠪᠠᠶᠢᠭ᠎ᠠ ᠶᠠᠪᠤᠳᠠᠯ ᠳᠤ ᠢᠳᠡᠪᠬᠢᠳᠡᠢ ᠬᠠᠷᠢᠭᠤ ᠥᠭᠬᠦ ᠬᠡᠷᠡᠭᠲᠡᠢ︾ ᠭᠡᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠲᠤᠤᠱᠯᠠᠭᠤᠯᠬᠤ ᠰᠠᠨᠠᠯ ᠳᠠᠭᠠᠨ ᠴᠤ᠄ ︽ᠠᠵᠢᠯ ᠢ ᠦᠨᠡᠯᠡᠬᠦ ᠶᠢ ᠢᠳᠡᠪᠬᠢᠳᠡᠢ ᠪᠠᠷ ᠥᠷᠨᠢᠭᠦᠯᠬᠦ ᠬᠡᠷᠡᠭᠲᠡᠢ︾ ︽ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠤᠭᠳᠠᠭᠠᠬᠤ ᠶᠢ ᠰᠦᠪᠡᠭᠴᠢᠯᠡᠨ ᠥᠷᠨᠢᠭᠦᠯᠬᠦ ᠬᠡᠷᠡᠭᠲᠡᠢ︾ ᠭᠡᠵᠦ ᠳᠤᠳᠤᠷᠬᠠᠢ ᠲᠤᠷᠠᠳᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠬᠢᠨᠡᠯᠳᠡ ᠲᠠᠯᠪᠢᠬᠤ ᠠᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠶᠢᠨ ᠴᠢᠬᠤᠯᠡ ᠠᠵᠠ ᠲᠤᠬᠢᠶᠠᠯ ᠢ ᠢᠳᠡᠪᠬᠢᠳᠡᠢ ᠠᠳᠬᠤᠵᠤ᠂ 2014 ᠣᠨ ᠠᠴᠠ ᠡᠬᠢᠯᠡᠨ ᠲᠤᠰᠬᠠᠢ ᠰᠡᠳᠦᠪ ᠢᠶᠠᠷ ᠠᠰᠠᠭᠤᠨ ᠯᠠᠪᠯᠠᠬᠤ᠂ ᠠᠵᠢᠯ ᠢ ᠦᠨᠡᠯᠡᠬᠦ ᠪᠡ ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠤᠭᠳᠠᠭᠠᠬᠤ ᠵᠡᠷᠭᠡ ᠠᠵᠢᠯ ᠢ ᠡᠮᠬᠢ ᠴᠡᠭᠴᠡ ᠲᠠᠢ ᠦᠷᠨᠢᠭᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠡᠯᠳᠡ ᠲᠠᠯᠪᠢᠬᠤ ᠠᠵᠢᠯ ᠤᠨ ᠲᠤᠭᠳᠠᠴᠠ ᠶᠢ ᠲᠠᠰᠤᠷᠠᠯᠳᠡ ᠦᠭᠡᠢ ᠰᠦᠪᠡᠭᠴᠢᠯᠡᠨ ᠰᠢᠨ᠎ᠡ ᠶᠢ ᠡᠭᠦᠳᠴᠠᠢ᠃ ᠲᠤᠰ ᠤᠳᠠᠭᠠᠠ ᠤ ᠠᠰᠠᠭᠤᠨ ᠯᠠᠪᠯᠠᠬᠤ ᠪᠡ ᠬᠢᠨᠠᠨ ᠦᠨᠡᠯᠡᠬᠦ ᠳᠤ ᠪᠤᠳᠠᠳᠦ ᠦᠷ᠎ᠠ ᠪᠦᠳᠦᠮᠵᠢ ᠣᠯᠬᠤ ᠶᠢ ᠦᠨᠡᠨᠬᠦ ᠪᠠᠳᠦᠯᠠᠬᠤ ᠶᠢᠨ ᠳᠦᠯᠥᠭᠡ ᠦᠪᠡᠷᠳᠡᠬᠡᠡ ᠵᠠᠰᠠᠬᠤ ᠤᠷᠦᠠ ᠤ ᠠᠷᠠᠳ ᠤᠨ ᠳᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠲᠦᠬᠦᠨ ᠪᠣᠯᠣᠨ ᠬᠠᠮᠢᠶ᠎ᠡ ᠪᠦᠬᠦᠢ ᠵᠦᠪᠯᠡᠯ ᠤᠳ ᠡᠭᠦᠷᠭᠡ ᠳᠤᠰᠢᠶᠠᠯ ᠢᠶᠠᠨ ᠬᠢᠨᠠᠮᠠᠭᠠᠢ ᠬᠦᠢᠴᠠᠳᠬᠡᠵᠦ᠂ ᠪᠠᠶᠢᠴᠠᠭᠠᠠ ᠰᠤᠳᠤᠯᠤᠯᠳᠠ ᠬᠢᠪᠡ᠃ ᠲᠤᠰᠬᠠᠢ ᠰᠡᠳᠦᠪ ᠢᠶᠠᠷ ᠠᠰᠠᠭᠤᠨ ᠯᠠᠪᠯᠠᠬᠤ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨᠠᠯᠲᠠ ᠲᠠᠯᠪᠢᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠭᠤᠣᠯᠳᠠᠯᠭ᠎ᠠ ᠪᠠᠨ ︽ᠵᠠᠰᠠᠭ ᠤᠨ ᠤᠷᠳᠤᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ︾᠎ ᠶᠢᠨ ᠠᠵᠢᠯ ᠳᠡᠮᠵᠢᠬᠦ ᠲᠠᠢ ᠢᠮᠠᠭᠲᠠ ᠤᠶᠠᠯᠳᠤᠭᠤᠯᠵᠤ᠂ ᠬᠢᠨᠠᠯᠲᠠ ᠲᠠᠯᠪᠢᠬᠤ ᠶᠢᠨ ᠳᠠᠭᠠᠤ ᠳᠡᠮᠵᠢᠯᠭᠡ ᠦᠵᠡᠭᠦᠯᠵᠦ᠂ ᠵᠠᠰᠠᠭ ᠤᠨ ᠣᠷᠳᠣᠨ ᠢ ᠰᠢᠮᠳᠠᠭᠤᠯᠤᠨ ᠱᠠᠭᠠᠷᠳᠠᠵᠤ ᠪᠠᠶᠢᠭᠠᠳ ᠬᠢᠨᠠᠨ ᠪᠤᠲᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠪᠣᠯᠣᠨ ᠬᠠᠮᠢᠶ᠎ᠡ ᠪᠦᠬᠦᠢ ᠳᠦᠷᠢᠮ ᠤᠨ ᠪᠠᠶᠢᠭᠤᠯᠤᠯᠲᠠ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠪᠠᠶᠢᠭᠤᠯᠤᠯ ᠤᠨ ᠲᠣᠭᠲᠠᠴᠠ ᠪᠣᠯᠣᠨ ᠬᠠᠤᠯᠢ ᠴᠠᠭᠠᠵᠠ ᠶᠢᠨ ᠲᠠᠯ᠎ᠠ ᠠᠴᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠨᠢ ᠰᠢᠮᠳᠠᠭᠤᠯᠤᠨ ᠱᠠᠭᠠᠷᠳᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠬᠤ ᠪᠣᠯᠣᠨ᠎ᠠ᠃      ᠠᠵᠢᠯ ᠢ ᠦᠨᠡᠯᠡᠬᠦ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ 2015 ᠣᠨ ᠤ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠦ ᠬᠢᠨᠠᠨ ᠶᠠᠷᠢᠯᠴᠠᠬᠤ ᠶᠢᠨ ᠬᠠᠮᠲᠤ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠮᠡᠳᠡᠭᠦᠯᠦᠯᠲᠡ ᠲᠠᠢ ᠪᠠᠨ ᠤᠶᠠᠯᠳᠤᠭᠤᠯᠤᠨ᠂ ᠦᠨᠡᠯᠡᠬᠦ ᠰᠠᠨᠠᠯ ᠢ ᠬᠠᠨᠳᠣᠯᠠᠭᠠᠳᠦ ᠴᠢᠨᠠᠷ ᠲᠠᠢ ᠪᠠᠷ ᠳᠤᠷᠠᠳᠤᠨ ᠭᠠᠷᠭᠠᠨ᠎ᠠ᠃ ᠦᠨᠡᠯᠡᠬᠦ ᠠᠵᠢᠯ ᠳᠠᠭᠤᠰᠤᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨᠠᠨ ᠪᠠᠲᠤᠯᠠᠭᠰᠠᠨ ᠦᠨᠡᠯᠡᠯᠲᠡ ᠶᠢᠨ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠪᠢᠴᠢᠭ ᠢᠶᠠᠷ ᠬᠠᠷᠢᠭᠤ ᠮᠡᠳᠡᠭᠳᠡᠨ᠎ᠡ᠃ ᠴᠢᠬᠤᠯᠠᠲᠠᠢ ᠦᠶ᠎ᠡ ᠳᠤ ᠪᠠᠶᠢᠩᠭᠤ ᠶᠢᠨ ᠬᠤᠷᠢᠶ᠎ᠡ ᠨᠢ ᠪᠠᠰᠠ ᠦᠨᠡᠯᠡᠭᠳᠡᠭᠰᠡᠨ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠵᠦ ᠰᠢᠮᠳᠠᠭᠤᠯᠤᠨ ᠪᠠᠶᠢᠴᠠᠭᠠᠨ᠎ᠠ᠃      ︽ᠠᠷᠠᠳ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠶᠠᠪᠤᠳᠠᠯ ᠢ ᠠᠰᠠᠭᠤᠬᠤ᠂ ᠨᠡᠶᠢᠭᠡᠮ ᠤᠨ ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠨᠢ ᠠᠰᠠᠭᠤᠬᠤ︾᠎ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠩᠭᠡᠷᠡᠭᠰᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠭᠤᠯᠤᠨ᠂ ᠯᠠᠪᠯᠠᠨ ᠠᠰᠠᠭᠤᠬᠤ ᠪᠠ ᠦᠨᠡᠯᠡᠬᠦ ᠶᠢ ᠨᠢᠭᠤᠷᠳᠠᠨ ᠶᠠᠪᠤᠭᠳᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠠᠷᠠᠳ ᠤᠯᠠᠨ ᠤ ᠬᠦᠰᠡᠯ ᠡᠷᠡᠮᠡᠯᠵᠡᠯ ᠪᠣᠯᠣᠨ ᠬᠦᠰᠡᠯ ᠱᠠᠭᠠᠷᠳᠠᠯᠭ᠎ᠠ ᠳᠤ ᠨᠡᠶᠢᠴᠡᠭᠦᠯᠵᠦ᠂ ᠣᠷᠣᠨ ᠨᠤᠲᠤᠭ ᠤᠨ ᠲᠦᠷᠦ ᠶᠢᠨ ᠡᠷᠬᠡᠲᠦ ᠪᠠᠶᠢᠭᠤᠯᠭ᠎ᠠ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠨᠢᠭᠲᠠᠷᠠᠭᠤᠯᠬᠤ ᠪᠣᠯᠣᠨ᠎ᠠ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号