ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠨᠡ ᠵᠢᠯ ᠬᠥᠳᠡᠭᠡ ᠲᠣᠰᠬᠤᠨ ᠤ ᠵᠠᠰᠠᠮᠠᠯ ᠵᠠᠮ ᠢ 1.9 ᠲᠦᠮᠡᠨ ᠺᠢᠯᠣᠮᠧᠲᠷ ᠵᠠᠰᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/3/28
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠤᠷᠠᠳᠤᠭᠰᠠᠨ 2017 ᠣᠨ ᠪᠣᠯᠬᠤ ᠳᠤ ᠪᠥᠬᠦ ᠣᠷᠣᠨ ᠤ ᠭᠠᠴᠠᠭ᠎ᠠ ᠲᠣᠰᠬᠤᠨ ᠪᠣᠯᠭᠠᠨ ᠳᠤ ᠪᠠᠷᠤᠭᠰᠢᠨ ︵ᠱᠦᠢᠨᠢ︶ ᠵᠠᠮ ᠨᠡᠪᠲᠡᠷᠡᠬᠦᠯᠬᠦ ᠱᠠᠭᠠᠷᠳᠠᠯᠭ᠎ᠠ ᠪᠣᠯᠤᠨ ᠪᠥᠬᠦ ᠣᠷᠣᠨ ᠤ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠡᠭᠦᠷᠭᠡ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠬᠦᠯᠬᠦ ᠪᠤᠯᠤᠨ᠎ᠠ᠂ ᠡᠨᠡ ᠵᠢᠯ᠂ ᠮᠠᠨ ᠤ ᠣᠷᠣᠨ ᠤ ᠪᠦᠳᠦᠬᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠥᠷᠥᠯ ᠵᠦᠢᠯ 1387 ᠪᠠᠶᠢᠵᠤ᠂ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 1.9 ᠲᠦᠮᠡᠨ ᠺᠢᠯᠣᠮᠧᠲᠷ ᠲᠤ ᠬᠦᠷᠴᠦ᠂ ᠪᠠᠷᠤᠭᠰᠢᠨ ᠵᠠᠮ ᠨᠡᠪᠲᠡᠷᠡᠭᠡᠳᠦᠢ 1808 ᠭᠠᠴᠠᠭ᠎ᠠ ︵ᠲᠣᠰᠬᠤᠨ︶᠎ ᠳᠤ  ᠪᠠᠷᠤᠭᠰᠢᠨ ︵ᠱᠦᠢᠨᠢ︶ ᠵᠡᠮ ᠨᠡᠪᠲᠡᠷᠡᠬᠦᠯᠬᠦ ᠪᠤᠯᠤᠨ᠎ᠠ᠃      ᠲᠠᠨᠢᠯᠴᠠᠭᠤᠯᠤᠭᠰᠠᠨ ᠢᠶᠠᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠳᠠᠩ ᠴᠤᠭᠴᠠ ᠶᠢᠨ ᠲᠥᠷᠥᠯ ᠵᠦᠢᠯ ᠨᠢ ᠬᠡᠳᠦ᠋ᠢᠪᠡᠷ ᠨᠡᠯᠢᠶᠡᠳ ᠪᠠᠭ᠎ᠠ ᠪᠤᠯᠪᠠᠴᠤ᠂ ᠪᠦᠳᠦᠬᠡᠨ ᠪᠠᠶᠢᠭᠤᠯᠬᠤ ᠲᠡᠰ ᠳᠠᠷᠠᠭᠠᠯᠠᠯ ᠨᠢ ᠭᠤᠣᠯᠳᠠᠯᠭ᠎ᠠ ᠲᠠᠢ ᠲᠥᠷᠥᠯ ᠵᠦᠢᠯ ᠲᠠᠢ ᠠᠳᠠᠯᠢ ᠪᠠᠶᠢᠵᠤ᠂ ᠮᠦᠨᠴᠦ ᠶᠡᠷᠦᠩᠬᠡᠶ ᠲᠥᠯᠥᠪᠵᠢᠭᠦᠯᠭᠡ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠵᠦᠪᠰᠢᠶᠡᠷᠡᠭᠦᠯᠬᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠵᠡᠷᠭᠡ ᠲᠠᠢ ᠬᠤᠯᠪᠤᠭᠳᠠᠨ᠎ᠠ᠃ ᠡᠶᠢᠮᠦ ᠠᠴᠠ᠂ ᠨᠢᠳᠤᠨᠤᠨ ᠤ 11 ᠳ᠋ᠤᠭᠡᠷ ᠰᠠᠷ᠎ᠠ ᠠᠴᠠ ᠡᠬᠢᠯᠡᠵᠦ᠂ ᠮᠠᠨ ᠤ ᠣᠷᠣᠨ ᠤ ᠡᠯ᠎ᠡ ᠭᠠᠵᠠᠷ ᠤᠳ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡᠳᠬᠡᠯ ᠠᠵᠢᠯ ᠢᠶᠠᠨ ᠭᠠᠷᠳᠠᠨ ᠬᠢᠵᠦ᠂ ᠬᠤᠶᠢᠨ᠎ᠠ ᠬᠤᠶᠢᠨ᠎ᠠ ᠠᠴᠠ ᠪᠠᠨ ᠴᠠᠭ ᠨᠡᠮᠡᠵᠦ ᠴᠠᠭ ᠤᠷᠲᠤᠳᠬᠠᠨ ᠠᠵᠢᠯᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠭᠰᠠᠨ ᠪᠠᠶᠢᠨ᠎ᠠ᠃ ᠨᠢᠳᠤᠨᠤᠨ ᠤ ᠵᠢᠯ ᠤᠨ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠪᠠᠰᠠ ᠮᠡᠳᠡᠭᠳᠡᠯ ᠭᠠᠷᠭᠠᠵᠤ᠂ ᠱᠠᠲᠤ  ᠦᠶ᠎ᠡ ᠶᠢᠨ ᠠᠵᠢᠯ ᠢ ᠪᠡᠶᠡᠯᠡᠭᠦᠯᠬᠦ ᠴᠠᠭ ᠤᠨ ᠬᠢᠵᠠᠭᠠᠷ ᠢ ᠲᠤᠭᠲᠠᠭᠠᠵᠤ᠂ ᠡᠯ᠎ᠡ ᠭᠠᠵᠠᠷ ᠤᠳ ᠨᠢᠭᠡ ᠪᠦᠯᠦᠭ ᠢ ᠤᠷᠢᠳᠠᠪᠠᠷ ᠲᠦᠯᠦᠪᠯᠡᠵᠤ᠂ ᠴᠠᠭ ᠲᠤᠬᠠᠶ ᠳᠤᠨᠢ ᠨᠢᠭᠡ ᠪᠦᠯᠦᠭ ᠢ ᠪᠠᠶᠢᠭᠤᠯᠵᠤ᠂ ᠦᠯᠡᠳᠡᠵᠤ ᠪᠠᠶᠢᠬᠤ ᠨᠢᠭᠡ ᠪᠦᠯᠦᠭ ᠳᠡᠭᠡᠨ ᠠᠵᠢᠯ ᠤᠨ ᠰᠡᠳᠬᠢᠮᠵᠢ ᠳᠤᠷᠠᠳᠴᠤ᠂ ᠠᠵᠢᠯ ᠤᠨ ᠬᠤᠭᠤᠴᠠᠭ᠎ᠠ ᠶᠢᠨ ᠠᠬᠢᠯᠲᠠ ᠶᠢᠨ ᠬᠤᠭᠤᠴᠠᠭᠠᠨ ᠤ ᠬᠦᠰᠦᠨᠦᠭᠲᠦ ᠶᠢ ᠲᠣᠩᠭᠤᠷᠤᠤ ᠵᠢᠭᠰᠠᠭᠠᠬᠤ ᠬᠡᠷᠡᠭᠲᠠᠢ︔ ᠬᠥᠬᠡᠬᠤᠲᠠ ᠠᠴᠠ ᠪᠠᠷᠠᠭᠤᠨᠰᠢᠬᠢ ᠠᠶᠢᠮᠠᠭ ᠬᠤᠳᠠ ᠬᠢᠭᠡᠳ ᠤᠯᠠᠭᠠᠨᠴᠠᠪ ᠬᠤᠳᠠ ᠶᠢᠨ ᠡᠮᠦᠨ᠎ᠡ ᠪᠡᠶ᠎ᠡ ᠶᠢᠨ ᠬᠤᠰᠢᠭᠤ ᠰᠢᠶᠠᠨ 4 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠠᠷᠢᠯᠭ᠎ᠠ ᠶᠢᠨ ᠨᠢᠭᠡᠴᠡ ᠶᠢ ᠵᠠᠯᠭᠠᠭ᠎ᠠ ᠪᠠᠷ ᠪᠠᠷᠢᠯᠭ᠎ᠠ ᠪᠠᠨ ᠡᠬᠢᠯᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠠᠢ︔ ᠰᠢᠯᠢ ᠶᠢᠨ ᠭᠤᠣᠯ ᠠᠶᠢᠮᠠᠭ ᠠᠴᠠ ᠵᠡᠭᠦᠨᠰᠢᠬᠢ ᠠᠶᠢᠮᠠᠭ ᠬᠤᠲᠠ ᠬᠢᠭᠡᠳ ᠤᠯᠠᠭᠠᠨᠴᠠᠪ ᠬᠤᠳᠠ ᠶᠢᠨ ᠬᠤᠶᠢᠲᠤ ᠪᠡᠶ᠎ᠡ ᠶᠢᠨ ᠬᠤᠰᠢᠭᠤ ᠰᠢᠶᠠᠨ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠠᠷᠢᠯᠭ᠎ᠠ ᠶᠢᠨ ᠨᠢᠭᠡᠴᠡ ᠨᠢ ᠵᠠᠯᠭᠠᠭ᠎ᠠ ᠪᠠᠷ ᠪᠠᠷᠢᠯᠭ᠎ᠠ ᠪᠠᠨ ᠡᠬᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠠᠢ ᠬᠡᠵᠤ ᠱᠠᠭᠠᠷᠳᠠᠵᠠᠢ᠃ 3 ᠳ᠋ᠤᠭᠠᠷ ᠰᠠᠷ᠎ᠠ ᠶᠢᠨ 20᠎ ᠤ ᠡᠳᠦᠷ ᠪᠤᠯᠬᠤ ᠳᠤ᠂ ᠪᠦᠲᠦᠭᠡᠨ ᠪᠠᠶᠢᠭᠤᠯᠬᠤ ᠪᠠᠷ ᠪᠠᠶᠢᠭ᠎ᠠ 1387 ᠭᠠᠴᠠᠭ᠎ᠠ ︵ᠲᠤᠰᠬᠤᠨ︶᠎ ᠤ ᠪᠠᠷᠤᠭᠰᠢᠨ ︵ᠱᠦᠢᠨᠢ︶ ᠵᠠᠮ ᠨᠡᠪᠲᠡᠷᠡᠭᠦᠯᠬᠦ ᠲᠦᠷᠦᠯ ᠵᠦᠢᠯ ᠤᠨ ᠳᠣᠲᠣᠷ᠎ᠠ᠂ 1331᠎ ᠨᠢ ᠵᠢᠷᠤᠭ ᠲᠥᠯᠥᠪᠯᠡᠭᠡ ᠪᠤᠯᠤᠨ ᠴᠤᠬᠤᠯᠠᠪᠤᠷᠢᠯᠠᠭᠤᠯᠬᠤ ᠠᠵᠢᠯ ᠢ ᠪᠡᠶᠡᠯᠡᠭᠦᠯᠦᠭᠡᠳ᠂ ᠲᠦᠷᠦᠯ ᠵᠦᠢᠯ ᠤᠨ ᠪᠦᠬᠦ ᠲᠤᠭ᠎ᠠ ᠶᠢᠨ 96%᠎ ᠶᠢ ᠡᠵᠡᠯᠡᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠡᠯᠡᠳᠬᠡᠯ ᠠᠵᠢᠯ ᠨᠢᠭᠡᠨᠲᠡ ᠲᠥᠪᠬᠢᠨᠡᠪᠡ᠃      ᠡᠨᠡ ᠵᠢᠯ ᠤᠨ ᠭᠠᠴᠠᠭ᠎ᠠ ︵ᠲᠤᠰᠬᠤᠨ︶᠎ ᠳᠤ ᠪᠠᠷᠤᠭᠰᠢᠨ ︵ᠱᠦᠢᠨᠢ︶ ᠵᠠᠮ ᠢ ᠪᠦᠳᠤᠭᠡᠨ ᠪᠠᠶᠢᠭᠤᠯᠬᠤ ᠡᠭᠦᠷᠭᠡ ᠶᠣᠰᠣᠭᠠᠷ᠂ ᠵᠢᠯ ᠤᠨ ᠡᠴᠦᠰ ᠪᠣᠯᠬᠤ ᠳᠤ᠂ ᠪᠦᠬᠦ ᠣᠷᠣᠨ ᠤ 11565 ᠭᠠᠴᠠᠭ᠎ᠠ ︵ᠲᠤᠰᠬᠤᠨ︶᠎ ᠳᠤ ᠪᠠᠷᠤᠭᠰᠢᠨ ︵ᠱᠦᠢᠨᠢ︶ ᠵᠠᠮ ᠨᠡᠪᠲᠡᠷᠡᠬᠦ ᠨᠣᠷᠮ᠎ᠠ ᠶᠢ ᠨᠢᠳᠤᠨᠤᠨ ᠤ 76% ᠪᠠᠶᠢᠭᠰᠠᠨ ᠠᠴᠠ ᠨᠢ 95% ᠪᠤᠯᠲᠠᠯ᠎ᠠ ᠳᠡᠭᠡᠭᠰᠢᠯᠡᠬᠦᠯᠬᠦ ᠪᠤᠯᠤᠨ᠎ᠠ᠃ ᠡᠭᠦᠨ ᠠᠴᠠ ᠭᠠᠳᠠᠨ᠎ᠠ᠂ ᠡᠨᠡ ᠵᠢᠯ ᠮᠠᠨ ᠤ ᠣᠷᠣᠨ ᠪᠠᠰᠠ 3444 ᠭᠠᠴᠠᠭ᠎ᠠ ︵ᠲᠣᠰᠬᠤᠨ︶᠎ ᠶᠢᠨ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ ᠪᠦᠲᠦᠭᠡᠨ ᠪᠠᠶᠢᠭᠤᠯᠬᠤ ᠬᠡᠪᠴᠢᠶ᠎ᠡ ᠨᠢ 1.1 ᠲᠦᠮᠡᠨ ᠺᠢᠯᠣᠮᠧᠲᠷ ᠲᠤ ᠬᠦᠷᠬᠦ ᠪᠤᠯᠤᠨ᠎ᠠ᠂ ᠣᠳᠣᠬᠠᠨ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠢᠭᠡᠨᠲᠡ ᠪᠦᠬᠦ ᠲᠠᠯ᠎ᠠ ᠪᠠᠷ ᠳᠠᠭᠤᠰᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号