ᠡᠨᠡ ᠵᠢᠯ ᠬᠠᠷ᠎ᠠ ᠭᠤᠣᠯ ᠤᠨ ᠠᠩᠬᠠᠳᠤᠭᠠᠷ ᠬᠤᠭᠤᠴᠠᠭᠠᠨ ᠤ ᠤᠰᠤ ᠲᠣᠬᠢᠷᠠᠭᠤᠯᠤᠯᠲᠠ ᠶᠢ 4 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ 4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠳᠠᠭᠤᠰᠤᠨ᠎ᠠ᠂ | ᠬᠠᠷ᠎ᠠ ᠭᠤᠣᠯ ᠤᠨ ᠤᠷᠤᠰᠬᠠᠯ ᠳᠠᠭᠠᠤ ᠮᠦᠰᠦᠨ ᠤ ᠬᠠᠶᠢᠯ ᠤᠨ ᠤᠰᠤ ᠶᠢ ᠠᠰᠢᠭᠯᠠᠵᠤ᠂ ᠤᠷᠤᠰᠬᠠᠯ ᠤᠨ ᠳᠤᠮᠳᠠ | ᠭᠠᠵᠠᠷ ᠣᠷᠣᠨ ᠢ ᠪᠦᠬᠦ ᠱᠤᠭᠤᠮ ᠢᠶᠠᠷ ᠪᠢᠲᠡᠭᠦᠯᠡᠵᠦ᠂ ᠳᠤᠤᠷᠠᠳᠤ ᠤᠷᠤᠰᠬᠠᠯ ᠤᠷᠤᠭᠤ ᠲᠦᠪᠯᠡᠷᠡᠭᠦᠯᠦᠨ | ᠳᠠᠮᠵᠢᠭᠤᠯᠬᠤ ᠪᠥᠭᠡᠳ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠦᠪᠯᠡᠯ ᠤᠨ ᠬᠠᠷ᠎ᠠ ᠭᠤᠣᠯ ᠤᠨ | ᠬᠠᠮᠢᠶᠠᠷᠤᠯᠲᠠ ᠶᠢᠨ ᠲᠣᠪᠴᠢᠶᠠᠨ ᠤ ᠱᠠᠭᠠᠷᠳᠠᠯᠭ᠎ᠠ ᠶᠣᠰᠣᠭᠠᠷ᠂ ᠪᠠᠭ᠎ᠠ ᠬᠡᠮᠵᠢᠶᠡᠨ ᠤ ᠤᠰᠤ ᠶᠢ ᠡᠪᠡᠰᠦ ᠪᠡᠯᠴᠢᠭᠡᠷ ᠪᠠ | ᠤᠢ ᠮᠣᠳᠣᠨ ᠤ ᠤᠰᠤᠯᠠᠯᠲᠠ ᠳᠤ ᠬᠡᠷᠡᠭᠯᠡᠬᠦ ᠠᠴᠠ ᠪᠣᠰᠤᠳ ᠶᠡᠭᠡ ᠬᠡᠮᠵᠢᠶᠡᠨ ᠤ ᠤᠰᠤ ᠶᠢ ᠭᠠᠰᠢᠭᠤᠨ ᠨᠠᠭᠤᠷ ᠲᠤ | ᠣᠷᠣᠭᠤᠯᠵᠤ᠂ ᠭᠠᠰᠢᠭᠤᠨ ᠨᠠᠭᠤᠷ ᠤᠨ ᠪᠠᠭᠲᠠᠭᠠᠮᠵᠢ ᠶᠢ ᠦᠨᠡᠨᠬᠦ ᠪᠠᠲᠤᠯᠠᠨ᠎ᠠ᠃ ᠬᠤᠶᠠᠳᠤᠭᠠᠷ ᠬᠤᠭᠤᠴᠠᠭᠠᠨ ᠤ | ᠤᠰᠤ ᠲᠣᠬᠢᠷᠠᠭᠤᠯᠤᠯᠲᠠ ᠶᠢ ᠡᠨᠡ ᠵᠢᠯ ᠤᠨ ᠬᠠᠷ᠎ᠠ ᠭᠤᠣᠯ ᠤᠨ ᠤᠰᠤ ᠲᠣᠬᠢᠷᠠᠭᠤᠯᠬᠤ ᠲᠦᠯᠦᠪᠯᠡᠭᠡᠨ ᠤ ᠬᠤᠷᠠᠯ ᠤᠨ | ᠲᠠᠷᠠᠭ᠎ᠠ ᠡᠬᠢᠯᠡᠨ ᠬᠡᠷᠡᠭᠵᠢᠭᠦᠯᠦᠨ᠎ᠡ᠃ ᠡᠨᠡ ᠵᠢᠯ ᠬᠠᠷ᠎ᠠ ᠭᠤᠣᠯ ᠤᠨ ᠳᠡᠭᠡᠳᠦ ᠤᠷᠤᠰᠬᠠᠯ ᠤᠨ ᠤᠷᠤᠨ ᠳᠤ | ᠭᠠᠩᠳᠠᠭᠰᠠᠨ ᠠᠴᠠ ᠪᠣᠯᠵᠤ᠂ ᠬᠠᠷ᠎ᠠ ᠭᠤᠣᠯ ᠤᠨ ᠰᠠᠪᠠ ᠭᠠᠵᠠᠷ ᠤᠨ ᠣᠰᠣᠨ ᠤ ᠬᠡᠮᠵᠢᠶ᠎ᠡ ᠨᠢ 20% ᠪᠠᠷ ᠪᠠᠭᠠᠰᠪᠠ᠂ | ᠡᠶᠢᠮᠦ ᠠᠴᠠ ᠡᠨᠡ ᠵᠢᠯ ᠤᠨ ᠤᠰᠤ ᠲᠣᠬᠢᠷᠠᠭᠤᠯᠬᠤ ᠠᠵᠢᠯ ᠤᠨ ᠡᠭᠦᠷᠭᠡ ᠮᠠᠰᠢ ᠬᠦᠨᠳᠦ ᠪᠠᠶᠢᠭᠰᠠᠭᠠᠷ᠃ ᠡᠨᠡ | ᠵᠢᠯ ᠠᠴᠠ ᠨᠠᠰᠢ᠂ ᠡᠵᠡᠨ᠎ᠡ ᠬᠤᠰᠢᠭᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ | ᠠᠵᠢᠯ ᠢ ᠢᠳᠡᠪᠬᠢᠲᠡᠶ ᠰᠠᠶᠢᠲᠤᠷ ᠬᠢᠵᠦ᠂ ᠬᠢᠵᠠᠭᠠᠷᠲᠠᠢ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ | ᠪᠠᠶᠢᠨ᠎ᠠ᠃ ᠣᠳᠣᠬᠠᠨ ᠪᠣᠯᠲᠠᠯ᠎ᠠ᠂ ᠴᠢᠨ᠋ᠸ᠎ᠠ ᠶᠢᠨ ᠵᠢᠷᠦᠬᠡ ᠠᠭᠤᠯᠠ ᠶᠢᠨ ᠤᠰᠤᠨ ᠵᠦᠢ ᠶᠢᠨ ᠣᠭᠲᠣᠯᠤᠭᠠᠰᠤ ᠶᠢᠨ | ᠬᠠᠪᠲᠠᠭᠠᠢ ᠪᠠᠷ ᠤᠷᠤᠰᠬᠠᠭᠰᠠᠨ ᠤᠰᠤᠨ ᠤ ᠬᠡᠮᠵᠢᠶ᠎ᠡ ᠨᠢ ᠨᠡᠶᠢᠲᠡ 26113 ᠲᠦᠮᠡᠨ ᠪᠣᠰᠤᠭ᠎ᠠ ᠳᠥᠷᠪᠡᠯᠵᠢᠨ | ᠮᠧᠲᠷ᠂ ᠪᠦᠭᠦ ᠬᠤᠰᠢᠭᠤᠨ ᠤ ᠲᠠᠷᠢᠶᠠᠨ ᠭᠠᠵᠠᠷ ᠡᠪᠡᠰᠦ ᠪᠡᠯᠴᠢᠭᠡᠷ ᠤᠨ ᠤᠰᠤᠯᠠᠯᠲᠠ ᠶᠢᠨ ᠲᠠᠯᠠᠪᠠᠶ 6400 ᠲᠦᠮᠡᠨ | ᠲᠡᠭᠰᠢ ᠳᠥᠷᠪᠡᠯᠵᠢᠨ ᠮᠧᠲᠷ ᠪᠠᠶᠢᠵᠤ᠂ ᠵᠡᠭᠦᠨ ᠭᠠᠰᠢᠭᠤᠨ ᠨᠠᠭᠤᠷ ᠤᠨ ᠤᠰᠤᠨ ᠤ ᠲᠠᠯᠠᠪᠠᠶ ᠨᠢ ᠤᠳᠤ ᠨᠢᠭᠡᠨᠲᠡ 40. | 2 ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠪᠠᠭᠲᠠᠭᠠᠮᠵᠢ ᠨᠢ 5490 ᠲᠦᠮᠡᠨ ᠪᠣᠰᠤᠭ᠎ᠠ ᠳᠥᠷᠪᠡᠯᠵᠢᠨ ᠮᠧᠲᠷ | ᠪᠠᠶᠢᠨ᠎ᠠ᠃ |