ᠯᠢ ᠫᠧᠩ ᠰᠢᠨ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠵᠢᠴᠢ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠳᠡᠭᠡᠷ᠎ᠡ᠄ ᠶᠡᠭᠡ ᠲᠠᠯ᠎ᠠ ᠶᠡᠭᠡ ᠬᠠᠨᠳᠤᠰᠢ ᠶᠢ ᠡᠵᠡᠮᠳᠡᠵᠦ  ᠭᠤᠣᠯᠳᠠᠯᠭᠠᠲᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ  ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠲᠥᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2016/3/28
      3 ᠳ᠋ᠤᠭᠠᠷ ᠰᠠᠷ᠎ᠠ ᠶᠢᠨ 25᠎ ᠤ ᠡᠳᠦᠷ᠂ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠵᠢᠴᠢ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠨ᠂ ᠬᠤᠷᠠᠯ ᠨᠢ ᠨᠠᠮ ᠤᠨ ᠲᠥᠪ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠨᠠᠢᠮᠠᠳᠤᠭᠠᠷ ᠬᠤᠷᠠᠯᠳᠤᠭᠠᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠭᠦᠨᠵᠡᠭᠡᠶ ᠲᠤᠤᠱᠯᠠᠭᠤᠯᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠧᠩ ᠰᠢᠨ ᠬᠤᠷᠠᠯ ᠳᠤ ᠣᠷᠤᠯᠴᠠᠨ ᠶᠠᠷᠢᠶ᠎ᠠ ᠲᠠᠯᠪᠢᠪᠠ᠃      ᠯᠢ ᠫᠧᠩ ᠰᠢᠨ ᠵᠢᠭᠠᠵᠤ ᠭᠠᠷᠭᠠᠭᠰᠠᠨ ᠨᠢ᠂ ᠨᠢᠳᠤᠨᠤᠨ ᠵᠢᠯ ᠠᠴᠠ ᠨᠠᠰᠢ᠂ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠡᠮᠬᠢ ᠵᠢᠷᠤᠮ ᠲᠠᠢ ᠪᠠᠷ ᠠᠬᠢᠵᠤ᠂ ᠱᠠᠳᠤ ᠦᠶ᠎ᠡ ᠶᠢᠨ ᠴᠢᠨᠠᠷᠲᠠᠶ ᠠᠮᠵᠢᠯᠲᠠ ᠣᠯᠪᠠ᠂ ᠢᠯᠠᠩᠭᠤᠶ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠬᠦᠴᠦ ᠪᠠᠨ ᠲᠥᠪᠯᠡᠷᠡᠭᠦᠯᠦᠨ ᠰᠢᠪᠲᠤᠯᠬᠤ ᠶᠢ ᠴᠢᠩᠭ᠎ᠠ ᠠᠳᠬᠤᠨ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ︽1 + 3︾ ᠳᠦᠷᠢᠮ ᠤᠨ ᠪᠢᠴᠢᠭ ᠮᠠᠲ᠋ᠧᠷᠢᠶᠠᠯ᠂ ᠺᠠᠳ᠋ᠷ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ︽ᠨᠢᠭᠡ ᠰᠠᠨᠠᠯ᠂ ᠲᠠᠪᠤᠨ ᠠᠷᠭ᠎ᠠ︾᠂ ᠤᠳᠤᠷᠢᠳᠬᠤ ᠺᠠᠳ᠋ᠷᠴᠤᠳ ᠤᠳ ᠤᠨ ᠲᠡᠪᠰᠢᠵᠦ ᠪᠠᠭᠤᠵᠤ ᠪᠦᠷ ᠪᠣᠯᠬᠤ ᠲᠣᠭᠲᠠᠭᠠᠯ ᠤᠳ ᠲᠠᠢ ᠢᠶᠠᠷ ᠢᠵᠢ ᠪᠦᠷᠢᠯᠳᠦᠭᠦᠯᠦᠨ ᠲᠣᠭᠲᠠᠭᠠᠭᠰᠠᠨ ᠶᠠᠷᠢᠯᠴᠠᠵᠤ ᠪᠠᠶᠢᠭᠠᠳ ᠴᠡᠭᠡᠷᠯᠡᠭᠦᠯᠬᠦ᠂ ᠠᠵᠢᠯ ᠤᠨ ᠪᠠᠶᠢᠷᠢ ᠠᠴᠠ ᠨᠢ ᠰᠠᠯᠭᠠᠵᠤ ᠪᠣᠯᠪᠠᠰᠤᠷᠠᠯ ᠬᠢᠯᠭᠡᠬᠦ ᠪᠠ ᠵᠣᠬᠢᠶᠠᠨ ᠪᠠᠶᠢᠭᠤᠯᠵᠦ ᠲᠣᠬᠢᠷᠠᠭᠤᠯᠬᠤ ᠶᠢ ᠠᠬᠢᠭᠤᠯᠬᠤ ︽ᠭᠤᠷᠪᠠᠨ ᠠᠷᠭ᠎ᠠ︾᠎ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠬᠤ ᠳᠦᠷᠢᠮ ᠤᠨ ᠥᠭᠡᠷᠡᠴᠢᠯᠡᠯᠲᠡ ᠶᠢᠨ ︽ᠨᠢᠭᠡᠨ ᠦᠵᠡᠮᠵᠢ ᠶᠢᠨ ᠣᠷᠤᠨ᠂ 12 ᠲᠠᠯ᠎ᠠ ᠪᠠᠷ ᠲᠥᠷᠥᠯ ᠬᠤᠪᠢᠶᠠᠨ ᠳᠥᠯᠭᠢᠨ ᠠᠬᠢᠭᠤᠯᠬᠤ ᠳᠦᠷᠢᠮ︾᠎ ᠢ ᠲᠣᠭᠲᠠᠭᠠᠭᠠᠳ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ 23 ᠵᠦᠢᠯ ᠪᠣᠯᠭᠠᠨ ᠪᠦᠷᠢᠯᠳᠦᠭᠦᠯᠦᠨ᠂ 19 ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠬᠢᠵᠦ ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠠᠴᠠ ᠪᠦᠬᠦ ᠲᠠᠯ᠎ᠠ ᠶᠢᠨ ᠴᠢᠨᠠᠷᠲᠠᠶ ᠥᠭᠡᠷᠡᠴᠢᠯᠡᠯᠲᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ ᠭᠡᠪᠡ᠃      ᠯᠢ ᠫᠧᠩ ᠰᠢᠨ ᠴᠢᠬᠤᠯᠠᠴᠢᠯᠠᠭᠰᠠᠨ ᠨᠢ᠂ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠳᠤ᠂ ᠨᠢᠭᠡ ᠳᠤ ᠪᠣᠯ ᠶᠡᠭᠡ ᠲᠠᠯ᠎ᠠ ᠶᠡᠭᠡ ᠬᠠᠨᠳᠤᠰᠢ ᠶᠢ ᠣᠨᠣᠪᠴᠢᠲᠠᠶ ᠡᠵᠡᠮᠳᠡᠨ᠂ ᠲᠠᠪᠤᠨ ᠶᠡᠭᠡ ᠬᠥᠭᠵᠢᠯᠲᠡ ᠶᠢᠨ ᠣᠨᠤᠯᠵᠢᠬᠤᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠵᠢᠴᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠳᠠᠯ ᠪᠣᠯᠤᠨ ᠡᠭᠦᠷᠭᠡ ᠠᠴᠠ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠢᠴᠡᠳ ᠲᠠᠨᠢᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠢᠭᠤᠴᠠᠯᠭ᠎ᠠ ᠪᠠ ᠡᠭᠦᠷᠭᠡᠯᠡᠯ ᠢ ᠤᠯᠠᠮ ᠴᠢᠩᠭᠠᠷᠠᠭᠤᠯᠬᠤ ᠬᠡᠷᠡᠭᠲᠡᠢ︔ ᠬᠤᠶᠠᠷ ᠲᠤ ᠭᠤᠣᠯᠳᠠᠯᠭᠠᠲᠤ ᠡᠭᠦᠷᠭᠡ ᠳᠤ ᠠᠩᠬᠠᠷᠤᠯ ᠢᠶᠠᠨ ᠢᠮᠠᠭᠲᠠ ᠲᠥᠪᠯᠡᠷᠡᠭᠦᠯᠦᠨ᠂ ᠲᠥᠪ ᠬᠤᠷᠢᠶ᠎ᠠ ᠶᠢᠨ ᠳᠦᠷᠢᠮ ᠤᠨ ᠪᠠᠶᠢᠭᠤᠯᠤᠯᠲᠠ ᠶᠢᠨ ᠡᠭᠦᠷᠭᠡ ᠶᠢ ᠬᠦᠯᠢᠶᠡᠨ ᠠᠪᠬᠤ᠂ ᠢᠵᠢ ᠪᠦᠷᠢᠳᠦᠭᠦᠯᠦᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ 27 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ ᠬᠡᠷᠡᠭᠵᠢᠭᠦᠯᠵᠦ᠂ 13 ᠵᠦᠢᠯ ᠤᠨ ᠳᠦᠷᠢᠮ ᠤᠨ ᠦᠷ᠎ᠡ ᠪᠦᠲᠦᠭᠡᠯ ᠢ ᠨᠡᠶᠢᠲᠡᠯᠡᠬᠦ ᠬᠡᠷᠡᠭᠲᠡᠢ︔ ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠬᠠᠷᠢᠭᠤᠴᠠᠯᠭ᠎ᠠ ᠪᠠᠨ ᠲᠣᠳᠤᠷᠬᠠᠶᠢᠯᠠᠨ ᠲᠠᠨᠢᠵᠤ᠂ ᠬᠠᠷᠢᠭᠤᠴᠠᠯᠭ᠎ᠠ ᠪᠠᠨ ᠲᠤᠤᠱᠲᠠᠢ ᠭᠦᠢᠴᠡᠳᠬᠡᠵᠦ᠂ ᠳᠡᠭᠡᠳᠦ ᠳᠣᠣᠷᠠᠲᠦ ᠱᠠᠲᠦ ᠪᠠᠷ ᠢᠶᠠᠨ ᠨᠡᠪᠲᠡᠷᠡᠯᠴᠡᠭᠰᠡᠨ᠂ ᠱᠠᠲᠤ ᠱᠠᠲᠤ ᠪᠠᠷ ᠬᠠᠷᠢᠭᠤᠴᠠᠭᠰᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠥᠭᠡᠷᠡᠴᠢᠯᠡᠯᠲᠡ ᠨᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号