ᠸᠠᠩ ᠵᠢᠶᠦ᠋ᠨ ᠄ ᠨᠢᠭᠡᠳᠦᠯᠲᠡᠢ ᠪᠠᠶᠢᠬᠤ ᠤᠬᠠᠮᠰᠠᠷ ᠢᠶᠠᠨ ᠲᠡᠬᠡᠭᠰᠢᠯᠡᠬᠦᠯᠵᠥ ᠨᠢᠭᠡ ᠬᠠᠷᠠᠯᠲᠠ ᠪᠠᠨ ᠴᠢᠩᠭ᠎ᠠ ᠠᠳᠬᠤᠵᠤ  ᠰᠢᠨ᠎ᠡ ᠬᠦᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠵᠤ ᠲᠤᠯᠤᠭᠠᠨ ᠵᠦᠢᠯ ᠎ ᠤᠨ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2016/3/28
     ᠡᠨᠡ ᠵᠢᠯ ᠪᠤᠯ ︽13·5︾᠎ ᠤᠨ ᠲᠦᠯᠦᠪᠵᠢᠬᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠂ ᠠᠵᠢᠯ ᠢᠶᠠᠨ ᠰᠠᠶᠢᠲᠤᠷ ᠬᠢᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂ ᠨᠢᠭᠡᠲᠦᠯᠲᠡᠢ ᠪᠠᠶᠢᠬᠤ ᠤᠬᠠᠮᠰᠠᠷ ᠢᠶᠠᠨ ᠲᠡᠭᠡᠭᠰᠢᠯᠡᠬᠦᠯᠵᠤ᠂ ᠨᠢᠭᠡ ᠬᠠᠷᠠᠯᠲᠠ ᠶᠢ ᠴᠢᠩᠭ᠎ᠠ ᠠᠳᠬᠤᠨ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠵᠦ᠂ ᠲᠤᠯᠤᠭᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠃      ᠨᠢᠭᠡᠳᠦᠯᠲᠡᠢ ᠪᠠᠶᠢᠬᠤ ᠤᠬᠠᠮᠰᠠᠷ ᠢᠶᠠᠨ ᠲᠡᠭᠡᠭᠰᠢᠯᠡᠬᠦᠯᠤᠨ᠎ᠠ᠃ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠦᠷᠦ ᠶᠢᠨ ᠲᠠᠯ᠎ᠠ ᠪᠠᠷ᠂ ᠤᠢᠢᠯᠠ ᠠᠵᠢᠯᠯᠠᠭᠠᠨ ᠤ ᠲᠠᠯ᠎ᠠ ᠪᠠᠷ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ ᠨᠢᠭᠡᠳᠦᠯᠲᠡᠢ ᠪᠠᠶᠢᠬᠤ ᠶᠢ ᠢᠮᠠᠭᠳᠠ ᠪᠠᠷᠢᠮᠳᠠᠯᠠᠨ᠎ᠠ᠃      ᠨᠢᠭᠡ ᠬᠠᠷᠠᠯᠲᠠ ᠪᠠᠨ ᠴᠢᠩᠭ᠎ᠠ ᠠᠳᠬᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠬᠦᠯᠬᠦ ᠡᠨᠡᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠴᠢᠩᠭ᠎ᠠ ᠠᠳᠬᠤᠵᠦ᠂ ᠠᠷᠠᠳ ᠲᠦᠮᠡᠨ ᠢᠶᠠᠷ ᠭᠤᠤᠯ ᠪᠤᠯᠭᠠᠬᠰᠠᠨ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠦᠪᠦᠷ ᠮᠤᠩᠭᠤᠯ ᠤᠨ ᠡᠯ᠎ᠡ ᠲᠦᠷᠦᠯ ᠤᠨ ᠦᠢᠯᠡᠰ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠠ᠃      ᠰᠢᠨ᠎ᠡ ᠬᠦᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠤᠨ᠎ᠠ᠃ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠤᠨ ᠡᠨᠡᠬᠦ ᠲᠤᠮᠤ ᠯᠤᠬᠢᠭ ᠤᠨ ᠤᠢᠢᠯᠠᠭᠠᠯᠳᠠ ᠡᠵᠡᠮᠰᠢᠯ ᠶᠢᠡᠨ ᠲᠠᠰᠤᠷᠠᠯᠳᠠ ᠦᠭᠡᠢ ᠬᠦᠨᠵᠡᠭᠡᠶᠢᠷᠡᠬᠦᠯᠵᠦ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠲᠤᠯ ᠦᠬᠡᠢ ᠪᠠᠶᠢᠯᠭᠠᠬᠤ᠂ ᠨᠡᠭᠡᠭᠡᠯᠲᠡ ᠬᠢᠬᠦ᠂ ᠬᠠᠮᠲᠤᠪᠡᠷ ᠡᠳ᠋ᠯᠡᠬᠦ ᠬᠦᠭᠵᠢᠯᠲᠡ ᠶᠢᠨ ᠣᠨᠣᠯᠵᠢᠬᠤᠨ ᠤ ᠭᠤᠤᠯ ᠴᠢᠮᠦᠭᠡ ᠠᠠᠴᠢ ᠬᠤᠯᠪᠤᠬᠳᠠᠯ ᠢ ᠬᠦᠨᠵᠡᠬᠡᠢ ᠤᠢᠢᠯᠠᠭᠠᠵᠤ᠂ ᠤᠬᠠᠮᠰᠠᠷ ᠠᠴᠠ ᠪᠠᠨ ᠰᠢᠨ᠎ᠡ ᠣᠨᠣᠯᠵᠢᠬᠤᠨ ᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶ᠎ᠠ ᠴᠠᠷᠠᠭ᠎ᠠ᠂ ᠡᠯ᠎ᠡ ᠭᠤᠬᠴᠤᠭ᠎ᠠ ᠳᠤ ᠲᠤᠤᠱᠯᠠᠭᠤᠯᠵᠦ᠂ ᠨᠡᠩ ᠰᠠᠶᠢᠳᠤᠷ ᠬᠦᠭᠵᠢᠯᠲᠡ ᠶᠢ ᠲᠦᠯᠦᠪᠵᠢᠬᠦᠯᠵᠦ᠂ ᠬᠦᠭᠵᠢᠯᠲᠡ ᠶᠢ ᠬᠦᠲᠦᠯᠦᠨ ᠲᠠᠭᠠᠭᠤᠯᠵᠤ᠂ ᠬᠦᠭᠵᠢᠯᠲᠡ ᠶᠢ ᠠᠬᠢᠭᠤᠯᠤᠨ᠎ᠠ᠃      ᠲᠤᠯᠤᠭᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠨ᠎ᠠ᠃ ᠠᠵᠦ ᠠᠬᠤᠢ ᠶᠢᠨ ᠨᠡᠮᠡᠭᠳᠡᠯ ᠎ ᠢ ᠬᠦᠴᠦᠯᠡᠨ ᠲᠤᠬᠲᠠᠪᠤᠷᠢᠵᠢᠭᠤᠯᠵᠦ᠂ ︽ᠲᠠᠪᠤᠨ ᠶᠡᠭᠡ ᠰᠠᠭᠤᠷᠢᠨ︾᠎ ᠤ ᠪᠦᠲᠦᠭᠡᠨ ᠪᠠᠶᠢᠭᠤᠯᠤᠯᠲᠠ ᠪᠠᠷ ᠠᠳᠬᠤᠴᠠ ᠪᠤᠯᠭᠠᠵᠦ᠂ ᠠᠵᠦ ᠦᠢᠯᠡᠰ ᠤᠨ ᠪᠦᠲᠦᠴᠡ ᠶᠢ ᠰᠢᠯᠢᠳᠡᠭᠵᠢᠬᠦᠯᠤᠨ ᠳᠡᠰ ᠳᠡᠪᠰᠢᠬᠦ ᠶᠢ ᠠᠬᠢᠭᠤᠯᠤᠨ᠎ᠠ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠡᠷᠡᠰ ᠢᠶᠠᠷ ᠰᠠᠶᠢᠳᠤᠷ ᠬᠢᠵᠤ᠂ ᠦᠯᠡᠬᠦᠳᠡᠵᠦ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢ ᠰᠢᠢᠳᠪᠦᠷᠢᠯᠡᠬᠦ᠂ ᠬᠠᠳᠠᠭᠠᠯᠠᠬᠳᠠᠴᠠ ᠶᠢ ᠪᠠᠭᠠᠰᠬᠠᠬᠤ᠂ ᠬᠦᠰᠢᠬᠦᠷᠭᠡ ᠶᠢ ᠦᠭᠡᠶᠢᠰᠬᠡᠬᠦ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠲᠠᠭᠤᠳᠠᠯ ᠢᠶᠠᠨ ᠨᠦᠬᠦᠪᠦᠷᠢᠯᠡᠬᠦ ᠲᠠᠪᠤᠨ ᠶᠡᠭᠡ ᠡᠭᠦᠷᠭᠡ ᠶᠢ ᠲᠦᠪᠯᠡᠷᠡᠭᠦᠯᠦᠨ ᠠᠳᠬᠤᠵᠦ᠂ ︽ᠮᠠᠯ ᠠᠵᠦ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾᠎ ᠤ ᠠᠵᠢᠯ ᠢ ᠯᠠᠪᠳᠠᠭᠤᠨ ᠪᠠᠲᠤᠲᠠᠢ ᠬᠢᠵᠦ᠂ ᠤᠳᠤ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠢ ᠲᠦᠷᠭᠡᠳᠭᠡᠨ ᠬᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ︽ᠠᠷᠪᠠ ᠶᠢ ᠪᠦᠷᠢᠨ ᠪᠦᠷᠬᠦᠬᠦᠯᠬᠦ︾ ᠪᠦᠲᠦᠭᠡᠨ ᠪᠠᠶᠢᠭᠤᠯᠤᠯᠲᠠ ᠶᠢᠨ ᠡᠭᠦᠷᠭᠡ ᠎ ᠶᠢ ᠪᠦᠬᠦ ᠲᠠᠯ᠎ᠠ ᠪᠠᠷ ᠪᠡᠶᠡᠯᠡᠬᠦᠯᠵᠦ᠂ ᠮᠠᠯ ᠠᠵᠦ ᠠᠬᠤᠢ ᠲᠠᠷᠢᠶᠠᠯᠠᠩ ᠢ ᠴᠢᠷᠮᠠᠶᠢᠨ ᠬᠦᠴᠦᠷᠭᠡᠭᠵᠢᠬᠦᠯᠵᠦ᠂ ᠮᠠᠯᠴᠢᠨ ᠲᠠᠷᠢᠶᠠᠴᠢᠨ ᠢ ᠪᠠᠶᠠᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠢ ᠭᠤᠶᠤᠵᠢᠭᠤᠯᠬᠤ ᠪᠠᠷ ᠴᠢᠷᠮᠠᠶᠢᠨ᠎ᠠ︔ ᠦᠭᠡᠷᠡᠴᠢᠯᠡᠯᠲᠡ ᠨᠡᠭᠡᠭᠡᠯᠲᠡ ᠪᠤᠯᠤᠨ ᠰᠢᠨ᠎ᠡ ᠶᠢ ᠡᠭᠦᠳᠬᠦ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠠᠷ ᠬᠦᠳᠡᠯᠭᠡᠬᠦᠷ ᠪᠤᠯᠭᠠᠵᠤ ᠡᠯ᠎ᠠ ᠬᠦᠷᠢᠶ᠎ᠠ ᠴᠠᠷᠠᠭ᠎ᠠ ᠲᠠᠬᠢ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠤᠨ᠂ ᠤᠮᠠᠷᠠᠰᠢ ᠨᠡᠭᠡᠭᠡᠯᠳᠠ ᠬᠢᠬᠦ ᠪᠠᠷ ᠭᠤᠤᠯᠳᠠᠯᠭ᠎ᠠ ᠪᠤᠯᠭᠠᠵᠤ ᠪᠦᠬᠦ ᠲᠠᠯ᠎ᠠ ᠪᠠᠷ ᠨᠡᠭᠡᠭᠡᠯᠳᠠ ᠬᠢᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠤᠨ᠂ ᠰᠢᠨ᠎ᠡ ᠬᠦᠭᠵᠢᠯᠲᠡ ᠶᠢᠨ ᠬᠦᠳᠡᠯᠭᠡᠬᠦ ᠬᠦᠴᠦᠨ ᠢ ᠪᠤᠢ ᠪᠤᠯᠭᠠᠬᠤ ᠶᠢ ᠲᠦᠷᠭᠡᠳᠬᠡᠨ᠎ᠠ︔ ᠪᠤᠬᠢᠷᠳᠤᠯ ᠦᠭᠡᠢ ᠪᠠᠷ ᠤᠷᠤᠨ ᠎ ᠢᠶᠠᠨ ᠴᠢᠨᠡᠬᠡᠯᠢᠭᠵᠢᠬᠦᠯᠬᠦ᠂ ᠪᠤᠬᠢᠷᠳᠤᠯ ᠦᠭᠡᠢ ᠪᠠᠷ ᠠᠷᠠᠳ ᠲᠤ ᠠᠰᠢᠭ ᠬᠦᠷᠳᠡᠭᠡᠬᠦ ᠶᠢ ᠪᠠᠷᠢᠮᠳᠠᠯᠠᠵᠦ᠂ ᠠᠮᠢ ᠠᠬᠤᠢ ᠎ ᠶᠢ ᠰᠡᠷᠬᠦᠭᠡᠬᠦ ᠪᠤᠯᠤᠨ ᠤᠷᠴᠢᠨ ᠲᠤᠭᠤᠷᠢᠨ ᠢ ᠵᠠᠰᠠᠬᠤ ᠠᠵᠢᠯ ᠢ ᠢᠯᠡᠳᠳᠡ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠬᠦᠯᠦᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠬᠦᠴᠦᠨ ᠶᠢᠡᠨ ᠲᠦᠪᠯᠡᠷᠡᠬᠦᠯᠤᠨ ᠰᠠᠶᠢᠳᠤᠷ ᠬᠢᠵᠤ᠂ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠠᠷᠠᠳ ᠤᠨ ᠠᠮᠢᠳᠤᠷᠠᠯ ᠎ ᠤᠨ ᠪᠤᠳᠠᠳᠦ ᠶᠠᠪᠤᠳᠠᠯ ᠢ ᠯᠠᠪᠳᠠᠭᠤᠨ ᠪᠠᠲᠤᠲᠠᠢ ᠠᠬᠢᠭᠤᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠶᠠᠨ ᠬᠡᠰᠢᠭ ᠢ ᠲᠠᠰᠤᠷᠠᠯ ᠦᠭᠡᠢ ᠨᠡᠮᠡᠭᠳᠡᠬᠦᠯᠦᠨ᠎ᠡ︔ ᠨᠠᠮ ᠢ ᠴᠢᠩᠭ᠎ᠠ ᠵᠠᠰᠠᠬᠤ ᠵᠢ‌‍ᠶᠢ ᠪᠦᠬᠦ ᠲᠠᠯ᠎ᠠ ᠪᠠᠷ ᠠᠬᠢᠭᠤᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠳᠦᠷᠢᠮ ᠲᠤᠬᠲᠠᠭᠠᠯ ᠢ ᠴᠢᠩᠭ᠎ᠠ ᠲᠤᠳᠤᠷᠬᠠᠢᠢᠯᠠᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠬᠦᠨᠵᠡᠬᠡᠢ ᠠᠬᠢᠭᠤᠯᠵᠦ᠂ ᠨᠠᠮ ᠤᠨ ᠪᠠᠶᠢᠭᠤᠯᠤᠯᠲᠠ ᠎ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号