| | 2015 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠡᠶᠢᠲᠡ 6 ᠳ᠋ᠥᠡᠭᠰᠢᠭᠤᠷ ᠭᠠᠷᠤᠢ | ᠲᠥᠭᠦᠷᠢᠭ ᠣᠷᠤᠭᠤᠯᠤᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ | ᠴᠢᠳᠠᠪᠤᠷᠢ ᠶᠢᠨ ᠪᠠᠶᠢᠭᠤᠯᠤᠯᠲᠠ ᠪᠣᠯᠣᠨ ᠶᠠᠰᠤ ᠴᠢᠨᠠᠷ ᠤᠨ ᠳᠡᠭᠡᠭᠰᠢᠯᠡᠯᠲᠡ ᠶᠢᠨ ᠢᠨᠵᠧᠨᠧᠷᠢᠩ ᠳᠤ ᠬᠡᠷᠡᠭᠯᠡᠵᠦ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ | ᠵᠢᠯ ᠳᠤ᠂ ᠥᠪᠥᠷ ᠮᠣᠩᠭᠤᠯ ᠵᠢᠯ ᠪᠦᠷᠢ 2 ᠳ᠋ᠥᠡᠭᠰᠢᠭᠤᠷ ᠲᠥᠭᠦᠷᠢᠭ ᠣᠷᠤᠭᠤᠯᠵᠤ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠪᠣᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠳᠤ ᠲᠤᠰᠬᠠᠶᠢᠯᠠᠨ ᠬᠡᠷᠡᠭᠯᠡᠪᠡ᠃ 2015 | ᠣᠨ ᠳᠤ᠂ ᠥᠪᠡᠷᠲᠡᠭᠡᠨ ᠵᠠᠰᠠᠬᠤ ᠣᠷᠣᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ 3 ᠳ᠋ᠦᠩᠰᠢᠭᠤᠷ | ᠲᠥᠭᠦᠷᠢᠭ ᠢ ᠴᠦᠮ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠬᠤ ᠪᠠ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠯᠡᠩ ᠤᠨ ᠪᠥᠳᠥᠭᠡᠨ | ᠪᠠᠶᠢᠭᠤᠯᠬᠤ ᠳᠤ ᠬᠡᠷᠡᠭᠯᠡᠬᠦ ᠶᠢ ᠨᠠᠶᠢᠳᠠᠪᠤᠷᠢᠵᠢᠭᠤᠯᠵᠠᠢ᠃ ᠡᠭᠦᠨ ᠤ ᠬᠠᠮᠲᠤ ᠤᠯᠤᠰ ᠤᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ︵ᠬᠤᠶᠠᠳᠤᠭᠠᠷ ᠬᠤᠭᠤᠴᠠᠭ᠎ᠠ︶ | ᠶᠢᠨ ᠢᠨᠵᠧᠨᠧᠷᠢᠩ ᠤᠨ ᠲᠥᠷᠥᠯ ᠵᠦᠢᠯ ᠪᠣᠯᠤᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢᠨ ᠲᠤᠰᠬᠠᠶ ᠪᠡᠯᠡ ᠮᠥᠩᠭᠦ ᠵᠡᠷᠭᠡ ᠶᠢ ᠨᠡᠶᠢᠲᠡ 3. | 43 ᠳ᠋ᠥᠡᠭᠰᠢᠭᠤᠷ ᠲᠥᠭᠦᠷᠢᠭ ᠢ ᠴᠢᠷᠮᠠᠶᠢᠨ ᠣᠯᠵᠤ᠂ ᠪᠦᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠲᠥᠷᠭᠡᠳᠬᠡᠨ ᠠᠬᠢᠭᠤᠯᠵᠠᠢ᠃ | 2015 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | 250 ᠪᠠᠶᠢᠵᠤ᠂ ᠰᠤᠷᠭᠠᠭᠤᠯᠢ ᠳᠤ ᠪᠠᠶᠢᠬᠤ ᠰᠤᠷᠤᠭᠴᠢ ᠪᠠᠷᠤᠭ 21.5 ᠲᠥᠮᠡ ᠬᠦᠷᠦᠭᠰᠡᠨ ᠪᠠᠶᠢᠨ᠎ᠠ᠃ |