| ᠡᠨᠡ ᠵᠢᠯ ᠤᠨ 1~2 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠡᠩ ᠤᠨ ᠡᠳ᠋ ᠤᠨ ᠵᠠᠰᠠᠭ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 300.81 ᠳ᠋ᠥᠡᠭᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠠᠴᠠ | ᠦᠵᠡᠪᠡᠯ᠂ ᠡᠨᠡ ᠵᠢᠯ ᠤᠨ 1~2 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠡᠳ᠋ ᠤᠨ ᠵᠠᠰᠠᠭ ᠤᠨ ᠵᠠᠷᠤᠯᠭ᠎ᠠ ᠳᠤ | ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠪᠠᠶᠢᠳᠠᠯ ᠢᠯᠡᠷᠡᠭᠰᠡᠨ ᠪᠠᠶᠢᠨ᠎ᠠ᠃ ᠡᠩ ᠤᠨ ᠬᠢ ᠶᠢ ᠪᠠᠭᠠᠰᠬᠠᠵᠤ | ᠂ ᠭᠤᠣᠯᠳᠠᠯᠭ᠎ᠠ ᠶᠢ ᠪᠠᠲᠤᠯᠠᠬᠤ ᠵᠠᠷᠴᠢᠮ ᠶᠣᠰᠣᠭᠠᠷ᠂ ᠥᠪᠥᠷ ᠮᠣᠩᠭᠤᠯ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠢᠳᠡᠪᠬᠢᠲᠡᠶ ᠪᠠᠷ ᠲᠣᠬᠢᠷᠠᠭᠤᠯᠤᠨ ᠰᠢᠯᠢᠳᠡᠭᠵᠢᠭᠦᠯᠪᠡ᠃ 1~2 ᠳ᠋ᠤᠭᠠᠷ ᠰᠠᠷ᠎ᠠ ᠳᠤ᠂ ᠪᠦᠬᠦ ᠣᠷᠣᠨ ᠤ | ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 525.81 ᠳ᠋ᠥᠡᠭᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14% ᠪᠠᠷ ᠨᠡᠮᠡᠭᠳᠡᠪᠡ᠃ ᠡᠭᠦᠨ ᠤ ᠵᠡᠷᠭᠡᠴᠡᠭᠡᠪᠡᠷ᠂ | ᠡᠳ᠋ ᠤᠨ ᠵᠠᠰᠠᠭ ᠤᠨ ᠵᠠᠷᠤᠯᠭ᠎ᠠ ᠶᠢ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠪᠠᠭᠤᠷᠠᠶ ᠭᠤᠭᠴᠤᠭ᠎ᠠ ᠲᠡᠶᠢᠰᠢ | ᠬᠡᠯᠪᠡᠶᠢᠯᠭᠡᠪᠡ᠂ ᠵᠢᠱᠢᠶᠡᠯᠡᠪᠡᠯ 24.4 ᠳ᠋ᠥᠡᠭᠰᠢᠭᠤᠷ ᠲᠥᠭᠦᠷᠢᠭ ᠴᠤᠭᠯᠠᠭᠤᠯᠵᠤ ᠵᠢᠵᠢᠭ ᠪᠢᠴᠢᠯ ᠠᠵᠤ | ᠠᠬᠤᠶᠢᠯᠠᠯ ᠤᠨ ᠲᠦᠷᠭᠡᠨ ᠬᠥᠭᠵᠢᠯᠲᠡ ᠶᠢ ᠳᠡᠮᠵᠢᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠳᠡᠮᠵᠢᠯᠭᠡ ᠶᠢ ᠦᠷᠭᠦᠯᠵᠢᠯᠡᠨ ᠡᠳ᠋ ᠤᠨ ᠵᠠᠰᠠᠭ ᠤᠨ | ᠳᠡᠮᠵᠢᠯᠭᠡ ᠶᠢᠨ ᠭᠤᠣᠯᠳᠠᠯᠭ᠎ᠠ ᠪᠣᠯᠭᠠᠵᠤ᠂ ᠲᠥᠪ ᠤᠨ ᠡᠳ᠋ ᠤᠨ ᠵᠠᠰᠠᠭ ᠤᠨ ᠲᠤᠰᠬᠠᠶ ᠪᠡᠯᠡ ᠮᠥᠩᠭᠦ ᠵᠡᠷᠭᠡ ᠪᠡᠯᠡ | ᠮᠥᠩᠭᠦ ᠶᠢ 24.4 ᠳ᠋ᠥᠡᠭᠰᠢᠭᠤᠷ ᠲᠥᠭᠦᠷᠢᠭ ᠢ ᠢᠳᠡᠪᠬᠢᠯᠡᠨ ᠣᠯᠵᠤ᠂ ᠳᠤᠮᠳᠠ ᠵᠢᠵᠢᠭ ᠠᠵᠤ ᠠᠬᠤᠶᠢᠯᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠬᠤ ᠰᠢᠨ᠎ᠡ ᠶᠢ ᠡᠭᠦᠳᠬᠦ ᠰᠠᠭᠤᠷᠢᠨ ᠭᠠᠵᠠᠷ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ | ᠪᠠᠷᠢᠴᠠᠭᠠᠨ ᠤ ᠮᠥᠩᠭᠦ ᠲᠤᠰᠠᠯᠠᠬᠤ ᠵᠢᠭᠡᠯᠡᠯᠭᠡ︾᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ | ᠠᠵᠤ ᠦᠢᠯᠡᠰ᠂ ᠮᠡᠳᠡᠭᠡ ᠵᠠᠩᠭᠢᠵᠢᠯᠲᠠ ᠪᠣᠯᠣᠨ ᠠᠵᠤ ᠦᠢᠯᠡᠳᠪᠦᠷᠢᠵᠢᠯᠲᠡ ᠶᠢᠨ ᠭᠦᠨᠵᠡᠭᠡᠶ ᠠᠭᠤᠰᠤᠯᠴᠠᠯ ᠵᠡᠷᠭᠡ ᠶᠢ | ᠲᠥᠪᠯᠡᠷᠡᠭᠦᠯᠦᠨ ᠳᠡᠮᠵᠢᠵᠦ᠂ ᠡᠳ᠋ ᠤᠨ ᠵᠠᠰᠠᠭ ᠠᠴᠠ ᠵᠢᠵᠢᠭ ᠪᠢᠴᠢᠯ ᠠᠵᠤ ᠠᠬᠤᠶᠢᠯᠠᠯ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠳᠡᠮᠵᠢᠬᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ |