︽2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠮᠡᠳᠡᠭᠦᠯᠦᠯᠲᠡ︾ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2016/3/29
     ︽2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠮᠡᠳᠡᠭᠦᠯᠦᠯᠲᠡ︾ ᠨᠡᠶᠢᠲᠡᠯᠡᠭᠳᠡᠪᠡ᠃ ᠮᠡᠳᠡᠭᠦᠯᠦᠯᠲᠡ ᠠᠴᠠ ᠦᠵᠡᠪᠡᠯ᠂ ᠮᠠᠨ ᠤ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠡᠷᠦᠩᠬᠡᠶ ᠳᠡᠭᠡᠨ ᠰᠡᠶᠢᠠ ᠵᠢᠯ ᠳᠤ ᠲᠣᠭᠠᠴᠠᠭᠳᠠᠵᠤ᠂ ᠨᠤᠲᠤᠭ ᠪᠡᠯᠴᠢᠭᠡᠷ ᠎ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠶᠢᠨ ᠬᠡᠮᠵᠢᠶ᠎ᠡ᠂ ᠳᠤᠮᠳᠠᠴᠢ ᠥᠨᠳᠥᠷ ᠤᠨ ᠬᠡᠮᠵᠢᠶ᠎ᠡ ᠲᠦᠷᠦᠭᠦᠦ ᠵᠢᠯ ᠤᠨ ᠬᠢ ᠲᠠᠢ ᠦᠨᠳᠦᠰᠦᠨ ᠳᠡᠭᠡᠨ ᠠᠳᠠᠯᠢᠬᠠᠨ ᠪᠠᠶᠢᠨ᠎ᠠ᠃      ᠣᠶᠢᠯᠠᠭᠠᠭᠰᠠᠨ ᠢᠶᠠᠷ᠂ ᠨᠢᠳᠤᠨᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ᠂ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠠᠷᠢᠶᠠᠯᠠᠩ ᠤᠨ ᠶᠠᠮᠤᠨ ᠠᠴᠠ ᠲᠣᠭᠲᠠᠭᠠᠭᠰᠠᠨ ᠮᠡᠷᠭᠡᠵᠢᠯ ᠤᠨ ᠵᠢᠷᠤᠮᠵᠢᠯ ᠶᠣᠰᠣᠭᠠᠷ᠂ ᠪᠦᠬᠦ ᠣᠷᠣᠨ ᠤ 12 ᠠᠶᠢᠮᠠᠭ ᠬᠤᠲᠠ ᠶᠢᠨ 67 ᠬᠤᠰᠢᠭᠤ ᠰᠢᠶᠠᠨ ᠳᠤ ᠨᠤᠲᠤᠭ ᠪᠡᠯᠴᠢᠭᠡᠷ ᠤᠨ ᠬᠢᠨᠠᠨ ᠬᠡᠮᠵᠢᠬᠦ ᠠᠵᠢᠯ ᠥᠷᠨᠢᠭᠦᠯᠪᠡ᠃ ᠡᠨᠡ ᠠᠵᠢᠯ ᠳᠤ ᠨᠠᠶᠢᠳᠠ 500 ᠢᠯᠡᠭᠦᠦ ᠬᠥᠮᠦᠨ ᠣᠷᠣᠯᠴᠠᠵᠤ᠂ 10 ᠭᠠᠷᠤᠢ ᠲᠦᠮᠡᠨ ᠺᠢᠯᠣᠮᠧᠲᠷ ᠠᠶᠠᠯᠠᠨ ᠪᠠᠶᠢᠴᠠᠭᠠᠵᠤ᠂ ᠨᠡᠶᠢᠲᠡ 1113 ᠦᠯᠢᠭᠡᠷ ᠭᠠᠵᠠᠷ ᠢ ᠪᠠᠶᠢᠴᠠᠭᠠᠪᠠ᠂ ᠭᠤᠣᠯᠳᠠᠭᠤ ᠭᠡᠷ ᠤᠨ ᠲᠡᠵᠢᠭᠡᠪᠦᠷᠢ ᠶᠢᠨ ᠲᠡᠵᠢᠭᠡᠯ ᠪᠣᠷᠳᠣᠭᠠᠨ ᠤ ᠪᠦᠲᠦᠴᠡ ᠶᠢ 400 ᠬᠤᠪᠢ᠂ ᠢᠨᠵᠧᠨᠧᠷᠢᠩ ᠤᠨ ᠠᠮᠢ ᠠᠬᠤᠶ ᠶᠢᠨ ᠦᠷ᠎ᠡ ᠠᠰᠢᠭ ᠢ ᠬᠠᠷᠢᠴᠠᠭᠤᠯᠤᠭᠰᠠᠨ ᠦᠯᠢᠭᠡᠷ ᠭᠠᠵᠠᠷ 279 ᠬᠡᠰᠡᠭ︔ ᠨᠤᠲᠤᠭ ᠪᠡᠯᠴᠢᠭᠡᠷ ᠤᠨ ᠬᠤᠷᠣᠬᠠᠶ ᠶᠢᠨ ᠬᠥᠨᠥᠭᠡᠯ ᠤᠨ ᠦᠯᠢᠭᠡᠷ ᠳᠥᠷᠪᠡᠯᠵᠢᠨ 1665 ᠬᠤᠪᠢ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠦᠯᠢᠭᠡᠷ ᠳᠥᠷᠪᠡᠯᠵᠢᠨ 1212 ᠬᠤᠪᠢ᠃ ᠮᠡᠷᠭᠡᠵᠢᠯᠲᠡᠤᠨ ᠭᠠᠵᠠᠷ ᠨᠤᠲᠤᠭ ᠢ ᠪᠠᠶᠢᠴᠠᠭᠠᠨ ᠬᠢᠨᠠᠨ ᠬᠡᠮᠵᠢᠬᠦ ᠪᠠ ᠡᠷᠦᠬᠡ ᠳᠤ ᠬᠦᠷᠴᠦ ᠪᠠᠶᠢᠴᠠᠭᠠᠭᠰᠠᠨ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ᠂ 3 S ᠮᠡᠷᠭᠡᠵᠢᠯ ᠢ ᠤᠶᠠᠯᠳᠤᠭᠤᠯᠤᠨ ᠬᠡᠷᠡᠭᠯᠡᠵᠦ᠂ ᠪᠦᠬᠦ ᠣᠷᠣᠨ ᠤ ᠪᠠᠶᠢᠭᠠᠯᠢ ᠶᠢᠨ ᠲᠠᠯ᠎ᠠ ᠨᠤᠲᠤᠭ ᠤᠨ ᠪᠡᠯᠴᠢᠭᠡᠷ ᠬᠠᠳᠤᠯᠠᠩ ᠤᠨ ᠬᠤᠷᠢᠶᠠᠯᠲᠠ ᠶᠢ ᠬᠡᠮᠵᠢᠨ ᠪᠣᠳᠣᠭᠰᠠᠨ ᠤ ᠬᠠᠮᠲᠤ᠂ ᠲᠤᠰᠬᠠᠶ ᠮᠡᠷᠭᠡᠵᠢᠯᠲᠡᠤᠨ ᠤᠨ ᠵᠥᠪᠳᠡᠯᠴᠡᠬᠦ ᠪᠠᠷ ᠳᠠᠮᠵᠢᠭᠠᠳ ᠬᠠᠮᠤᠭ ᠡᠴᠦᠰ ᠲᠤ ︽2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠮᠡᠳᠡᠭᠦᠯᠦᠯᠲᠡ︾᠎ ᠶᠢ ᠪᠢᠴᠢᠭᠯᠡᠭᠰᠡᠨ ᠪᠠᠶᠢᠨ᠎ᠠ᠃      ᠮᠡᠳᠡᠭᠦᠯᠦᠯᠲᠡ ᠠᠴᠠ ᠦᠵᠡᠪᠡᠯ᠂ 2015 ᠣᠨ ᠳᠤ᠂ ᠮᠠᠨ ᠤ ᠣᠷᠣᠨ ᠤ ᠨᠤᠲᠤᠭ ᠪᠡᠯᠴᠢᠭᠡᠷ ᠤᠨ ᠦᠢᠯᠡᠳᠪᠦᠷᠢᠯᠡᠬᠦ ᠴᠢᠳᠠᠪᠤᠷᠢ᠂ ᠬᠦᠢᠳᠠᠨ ᠤᠯᠠᠷᠢᠯ ᠤᠨ ᠡᠪᠡᠰᠦ ᠬᠠᠳᠠᠭᠠᠯᠠᠬᠤ ᠴᠢᠳᠠᠪᠤᠷᠢ ᠲᠦᠷᠦᠭᠦᠦ ᠵᠢᠯ ᠤᠨ ᠬᠢ ᠠᠴᠠ ᠵᠢᠭᠠᠬᠠᠨ ᠪᠠᠭᠤᠷᠠᠵᠤ᠂ ᠲᠡᠵᠢᠭᠡᠯ ᠡᠪᠡᠰᠦ ᠶᠢᠨ ᠪᠣᠷᠳᠣᠭᠠᠨ ᠤ ᠶᠡᠷᠦᠩᠬᠡᠶ ᠬᠠᠳᠠᠭᠠᠯᠠᠭᠳᠠᠴᠠ᠂ ᠮᠠᠯ ᠰᠦᠷᠦᠭ ᠤᠨ ᠲᠣᠬᠢᠷᠠᠮᠵᠢᠲᠠᠶ ᠪᠠᠭᠲᠠᠭᠠᠮᠵᠢ ᠶᠢᠨ ᠬᠡᠮᠵᠢᠶ᠎ᠡ ᠴᠥᠮ ᠲᠦᠷᠦᠭᠦᠦ ᠵᠢᠯ ᠤᠨ ᠬᠢ ᠠᠴᠠ ᠪᠠᠭᠠᠰᠴᠤ᠂ ᠨᠤᠲᠤᠭ ᠪᠡᠯᠴᠢᠭᠡᠷ ᠢ ᠠᠰᠢᠭᠯᠠᠵᠤ ᠪᠠᠶᠢᠭ᠎ᠠ ᠪᠠᠶᠢᠳᠠᠯ ᠡᠳᠦᠢ ᠲᠡᠳᠦᠢ ᠰᠠᠶᠢᠵᠢᠷᠠᠪᠠ︔ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠲᠦᠷᠦᠯ ᠵᠦᠢᠯ ᠤᠨ ᠣᠷᠣᠨ ᠤ ᠤᠷᠭᠤᠮᠠᠯ ᠬᠤᠴᠢᠯᠭ᠎ᠠ ᠶᠢᠨ ᠪᠠᠶᠢᠳᠠᠯ ᠨᠢ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠡᠮᠦᠨᠡᠬᠢ ᠬᠤᠶᠢᠨᠠᠬᠢ ᠨᠢ ᠢᠯᠡᠳᠲᠡ ᠬᠤᠪᠢᠷᠠᠯᠲᠠ ᠭᠠᠷᠴᠤ᠂ ᠨᠤᠲᠤᠭ ᠪᠡᠯᠴᠢᠭᠡᠷ ᠤᠨ ᠭᠠᠵᠠᠷ ᠳᠡᠭᠡᠷᠡᠬᠢ ᠠᠮᠢᠳᠤ ᠪᠣᠳᠠᠰ ᠤᠨ ᠬᠡᠮᠵᠢᠶ᠎ᠡ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠨᠢ ᠴᠥᠮ ᠱᠠᠩᠨᠠᠬᠤ ᠨᠥᠬᠦᠪᠦᠷᠢᠯᠡᠬᠦ ᠶᠢᠨ ᠡᠮᠦᠨᠡᠬᠢ ᠠᠴᠠ ᠥᠨᠳᠥᠷ ᠪᠣᠯᠵᠠᠢ︔ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠵᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠬᠢᠭᠡᠳ ᠡᠯᠡᠰᠦ ᠶᠢ ᠵᠠᠰᠠᠬᠤ ᠲᠦᠷᠦᠯ ᠵᠦᠢᠯ ᠤᠨ ᠣᠷᠣᠨ ᠤ ᠤᠷᠭᠤᠮᠠᠯ ᠬᠤᠴᠢᠯᠭ᠎ᠠ ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠬᠢᠨᠠᠨ ᠬᠡᠮᠵᠢᠭᠰᠡᠨ ᠣᠷᠣᠨ ᠤ ᠳᠣᠲᠣᠷᠠᠬᠢ ᠢᠯᠡ ᠡᠯᠡᠰᠦᠨ ᠤ ᠲᠠᠯᠠᠪᠠᠢ ᠤᠯᠠᠮ ᠢᠶᠠᠷ ᠪᠠᠭᠠᠰᠪᠠ︔ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠮᠥᠨ ᠯᠡ ᠪᠠᠭᠤᠷᠠᠬᠤ ᠬᠠᠨᠳᠤᠰᠢ ᠲᠠᠢ ᠪᠠᠶᠢᠨ᠎ᠠ᠂ ᠪᠥᠬᠦ ᠣᠷᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠤᠴᠠᠷᠠᠭᠤᠯᠤᠭᠰᠠᠨ ᠲᠠᠯᠠᠪᠠᠶ ᠨᠢ ᠴᠥᠮ ᠳᠡᠭᠡᠷ᠎ᠡ ᠵᠢᠯ ᠤᠨ ᠬᠢ ᠠᠴᠠ ᠬᠠᠰᠤᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号