ᠥᠪᠥᠷ ᠮᠣᠩᠭᠤᠯ ᠤᠨ ᠡᠬᠢᠨ ᠤ ᠬᠤᠶᠠᠷ ᠰᠠᠷ᠎ᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠶᠢᠨ ᠬᠡᠮᠵᠢᠶ᠎ᠡ 8.04 ᠳ᠋ᠦᠩᠰᠢᠭᠤᠷ ᠲᠦᠬᠦᠷᠢᠭ ᠲᠤ ᠬᠦᠷᠪᠡ
ᠨᠡᠶᠢᠲᠡᠯᠡᠭᠰᠡᠨ ᠴᠠᠭ᠄
2016/3/29
     ᠡᠨᠡ ᠵᠢᠯ ᠤᠨ ᠡᠬᠢᠨ ᠤ ᠬᠤᠶᠠᠷ ᠰᠠᠷ᠎ᠠ ᠳᠤ᠂ ᠥᠪᠥᠷ ᠮᠣᠩᠭᠤᠯ ᠤᠨ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠨᠡᠮᠡᠭᠳᠡᠬᠦ ᠪᠠᠶᠢᠳᠠᠯ ᠨᠡᠯᠢᠶᠡᠳ ᠰᠠᠶᠢᠵᠢᠷᠠᠵᠤ᠂ ︽ᠬᠦᠮᠦᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠬᠦ︾ ᠶᠠᠪᠤᠳᠠᠯ ᠲᠦᠷᠭᠡᠨ ᠠᠬᠢᠭᠳᠠᠪᠠ᠃ 1 ~ 2 ᠳ᠋ᠤᠭᠠᠷ ᠰᠠᠷ᠎ᠠ ᠳᠤ᠂ ᠪᠦᠬᠦ ᠣᠷᠣᠨ ᠤ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ  ᠳᠤ 7.32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 24.3%᠎ ᠪᠠᠷ ᠪᠠᠭᠤᠷᠠᠵᠠᠢ᠂ ᠭᠡᠪᠡᠴᠦ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠶᠢᠨ ᠨᠡᠮᠡᠭᠳᠡᠬᠦ ᠪᠠᠶᠢᠳᠠᠯ ᠨᠡᠯᠢᠶᠡᠳ ᠰᠠᠶᠢᠵᠢᠷᠠᠵᠤ ᠪᠠᠶᠢᠨ᠎ᠠ᠃ 1 ~ 2 ᠳ᠋ᠤᠭᠠᠷ ᠰᠠᠷ᠎ᠠ ᠳᠤ᠂ ᠪᠦᠬᠦ ᠣᠷᠣᠨ 16.58 ᠲᠦᠮᠡᠨ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠣᠷᠣᠨ ᠰᠠᠭᠤᠴᠠ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 17.9%᠎ ᠪᠠᠷ ᠨᠡᠮᠡᠭᠳᠡᠪᠡ︔ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠶᠢᠨ ᠬᠡᠮᠵᠢᠶ᠎ᠡ ᠨᠢ 8.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.8%᠎ ᠪᠠᠷ ᠨᠡᠮᠡᠭᠳᠡᠪᠡ᠃ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠴᠥᠮ ᠶᠡᠬᠡᠪᠡᠷ ᠪᠠᠭᠤᠷᠠᠪᠠ᠃ ᠲᠣᠭᠲᠠᠮᠠᠯ ᠬᠦ᠋ᠷᠦᠩᠭᠡ ᠶᠢᠨ ᠶᠡᠷᠦᠩᠬᠡᠶ ᠪᠡᠯᠡ ᠣᠷᠣᠭᠤᠯᠤᠯᠲᠠ ᠶᠢᠨ ᠪᠠᠶᠢᠳᠠᠯ ᠠᠴᠠ ᠦᠵᠡᠪᠡᠯ᠂ ᠡᠨᠡ ᠵᠢᠯ ᠤᠨ 1 ~ 2 ᠳ᠋ᠤᠭᠠᠷ ᠰᠠᠷ᠎ᠠ ᠳᠤ᠂ ᠪᠦᠬᠦ ᠣᠷᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 88.66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13%᠎ ᠪᠠᠷ ᠨᠡᠮᠡᠭᠳᠡᠵᠡᠢ᠂ ᠡ᠊ᠨᠡ ᠨᠢ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.8 ᠵᠠᠭᠤᠨ ᠤ ᠴᠡᠭ ᠦᠨᠳᠦᠷ ᠪᠠᠶᠢᠵᠤ᠂  ᠲᠥᠰᠦᠪᠯᠡᠭᠰᠡᠨ ᠬᠠᠷᠠᠯᠲᠠᠲᠤ ᠨᠡᠮᠡᠭᠳᠡᠯ ᠤᠨ ᠬᠤᠷᠳᠤᠴᠠ ᠠᠴᠠ1 ᠵᠠᠭᠤᠨ ᠤ ᠴᠡᠭ ᠦᠨᠳᠦᠷ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号