ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 28 ᠤ | ᠡᠳᠦᠷ ᠤᠨ ᠰᠦᠨᠢ ᠠᠴᠠ 29 ᠤ ᠡᠳᠦᠷ ᠪᠤᠯᠲᠠᠯ᠎ᠠ᠂ ᠮᠠᠨ ᠤ ᠣᠷᠣᠨ ᠤ ᠵᠡᠭᠦᠨ ᠪᠡᠶ᠎ᠡ ᠶᠢᠨ ᠭᠠᠵᠠᠷ ᠣᠷᠣᠨ ᠳᠤ | ᠪᠠᠭᠤᠷᠠᠶ ᠬᠦᠢᠲᠡᠨ ᠠᠭᠤᠷ ᠠᠮᠢᠰᠬᠤᠯ ᠢᠷᠡᠬᠦ ᠪᠤᠯᠤᠨ᠎ᠠ᠃ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ | ᠠᠶᠢᠮᠠᠭ ᠤᠨ ᠪᠠᠷᠠᠭᠤᠨ ᠬᠤᠶᠢᠲᠤ ᠪᠡᠶ᠎ᠡ ᠳᠤ ᠪᠣᠷᠣᠭᠠᠨ ᠤᠷᠤᠬᠤ᠂ ᠪᠤᠷᠤᠭᠠᠨ ᠴᠠᠰᠤ ᠬᠤᠯᠢᠯᠳᠤᠬᠤ ᠪᠤᠶᠤ ᠴᠠᠰᠤ | ᠤᠷᠤᠵᠤ᠂ ᠬᠤᠷᠠᠮᠳᠤᠬᠤ ᠲᠤᠨᠳᠠᠰᠤᠨ ᠤ ᠬᠡᠮᠵᠢᠶ᠎ᠡ ᠨᠢ 0.1 ᠠᠴᠠ 2.5 ᠮᠢᠯᠢᠮᠧᠲᠷ ᠤᠨ ᠬᠤᠭᠤᠷᠤᠨᠳᠤ ᠪᠠᠶᠢᠵᠤ᠂ | ᠡᠭᠦᠨ ᠳᠤ᠂ ᠬᠥᠯᠥᠨ ᠪᠤᠶᠢᠷ ᠬᠤᠳᠠ ᠶᠢᠨ ᠳᠤᠮᠳᠠ ᠪᠡᠶ᠎ᠡ ᠪᠤᠯᠤᠨ ᠬᠤᠶᠢᠲᠤ ᠪᠡᠶ᠎ᠡ ᠳᠤ ᠬᠤᠷᠠᠮᠳᠤᠬᠤ ᠲᠤᠨᠳᠠᠰᠤᠨ ᠤ | ᠬᠡᠮᠵᠢᠶ᠎ᠡ ᠨᠢ 2.5 ᠠᠴᠠ 5 ᠮᠢᠯᠢᠮᠧᠲᠷ ᠤᠨ ᠬᠤᠭᠤᠷᠤᠨᠳᠤ ᠪᠠᠶᠢᠵᠤ᠂ ᠬᠡᠰᠡᠭ ᠭᠠᠵᠠᠷ ᠣᠷᠣᠨ ᠳᠤ ᠪᠠᠭ᠋ᠠᠨ ᠶᠡᠭᠡ | ᠪᠠᠶᠢᠬᠤ ᠪᠤᠯᠤᠨ᠎ᠠ᠃ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠲᠠ ᠶᠢᠨ ᠬᠤᠶᠢᠲᠤ | ᠪᠡᠶ᠎ᠡ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠶᠢᠨ ᠠᠭᠠᠷ ᠤᠨ ᠳᠤᠯᠠᠭᠠᠨ 4 ᠼᠧᠯᠰ ᠪᠠᠭᠤᠷᠠᠵᠤ᠂ | ᠡᠭᠦᠨ ᠳᠤ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠬᠤᠶᠢᠲᠤ ᠪᠡᠶ᠎ᠡ᠂ | ᠬᠥᠯᠥᠨ ᠪᠤᠶᠢᠷ ᠬᠤᠳᠠ ᠶᠢᠨ ᠳᠤᠮᠳᠠ ᠪᠡᠶ᠎ᠡ ᠪᠤᠯᠤᠨ ᠡᠮᠦᠨᠡᠲᠦ ᠪᠡᠶ᠎ᠡ ᠶᠢᠨ ᠠᠭᠠᠷ ᠤᠨ ᠳᠤᠯᠠᠭᠠᠨ 4 —6 ᠼᠧᠯᠰ | ᠪᠠᠭᠤᠷᠠᠵᠤ᠂ ᠳᠤᠮᠳᠠ ᠪᠠᠷᠠᠭᠤᠨ ᠪᠡᠶ᠎ᠡ ᠶᠢᠨ ᠬᠤᠶᠢᠭᠤᠷᠬᠢ ᠭᠠᠵᠠᠷ ᠤᠷᠤᠨ ᠳᠤ ᠪᠠᠷᠠᠭᠤᠨ ᠡᠮᠦᠨ᠎ᠡ ᠠᠴᠠ 4 ᠠᠴᠠ 5 | ᠳᠡᠰ ᠤᠨ ᠰᠠᠯᠬᠢ ᠰᠠᠯᠬᠢᠯᠠᠵᠤ ᠪᠠᠶᠢᠭᠰᠠᠨ ᠠᠴᠠ ᠪᠠᠨ ᠪᠠᠷᠠᠭᠤᠨ ᠬᠤᠶᠢᠨ᠎ᠠ ᠠᠴᠠ ᠰᠠᠯᠬᠢᠯᠠᠨ᠎ᠠ᠃ |