1~2 ᠳ᠋ᠤᠭᠠᠷ ᠰᠠᠷ᠎ᠠ ᠳᠤ ᠥᠪᠥᠷ ᠮᠣᠩᠭᠤᠯ ᠤᠨ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠪᠡ
ᠨᠡᠶᠢᠲᠡᠯᠡᠭᠰᠡᠨ ᠴᠠᠭ᠄
2016/3/29
     ᠡᠨᠡ ᠵᠢᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠰᠠᠶᠢᠨ ᠡᠬᠢᠯᠡᠯᠲᠡ ᠲᠠᠢ ᠪᠤᠯᠵᠤ᠂ 1~2 ᠳ᠋ᠤᠭᠠᠷ ᠰᠠᠷ᠎ᠠ ᠳᠤ᠂ ᠪᠦᠬᠦ ᠣᠷᠣᠨ ᠤ  ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.4 ᠵᠠᠭᠤᠨ ᠤ ᠴᠢᠭ ᠥᠨᠳᠥᠷ ᠪᠤᠯᠪᠠ᠃ ᠭᠤᠣᠯᠳᠠᠯᠭ᠎ᠠ ᠲᠠᠢ ᠠᠵᠢᠯ ᠲᠦᠷᠦᠯ ᠠᠴᠠ ᠦᠵᠡᠪᠡᠯ᠂ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠲᠡᠮᠦᠷᠯᠢᠭ ᠬᠠᠶᠢᠯᠤᠭᠤᠯᠬᠤ ᠪᠠ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠡᠭᠡ ᠰᠠᠶᠢᠨ ᠪᠠᠶᠢᠵᠤ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠠᠢ᠃ ︽ᠰᠢᠨ᠎ᠡ ᠶᠢ ᠡᠭᠦᠳᠬᠦ ᠬᠥᠭᠵᠢᠯᠲᠡ︾᠎ ᠶᠢᠨ ᠤᠨᠤᠯᠵᠠᠬᠤᠨ ᠤ ᠵᠢᠯᠤᠭᠤᠳᠤᠯᠭ᠎ᠠ ᠳᠣᠣᠷ᠎ᠠ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠶᠠᠰᠤ ᠴᠢᠨᠠᠷ᠂ ᠦᠷ᠎ᠡ ᠠᠰᠢᠭ᠂ ᠳᠡᠰ ᠳᠡᠪᠰᠢᠭᠦᠯᠦᠯᠲᠡ ᠦᠷᠬᠦᠯᠵᠢᠯᠡᠨ ᠳᠡᠭᠡᠭᠰᠢᠯᠡᠬᠦ ᠬᠥᠭᠵᠢᠯᠲᠡ ᠶᠢᠨ ᠰᠠᠶᠢᠨ ᠬᠠᠨᠳᠤᠰᠢ ᠲᠠᠢ᠃ ᠡᠭᠦᠨ ᠳᠤ᠂ ᠲᠣᠨᠣᠭᠯᠠᠯ ᠦᠢᠯᠡᠳᠬᠦ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ ᠬᠤᠶᠠᠷ ᠬᠤᠪᠢ ᠠᠴᠠ ᠳᠡᠭᠡᠭᠰᠢ ᠨᠡᠮᠡᠭᠳᠡᠵᠦ᠂ ᠵᠠᠷᠢᠮ ᠳᠡᠭᠡᠳᠦ ᠲᠡᠰ ᠤᠨ ᠦᠢᠯᠡᠳᠬᠦ ᠠᠵᠤ ᠦᠢᠯᠡᠰ ᠤᠨ ᠨᠡᠮᠡᠭᠳᠡᠯ ᠨᠢ ᠲᠤᠪᠤᠶᠢᠮ᠎ᠠ ᠪᠠᠶᠢᠨ᠎ᠠ᠂ ᠵᠢᠱᠢᠶᠡᠯᠡᠪᠡᠯ ᠮᠠᠰᠢᠨ ᠲᠡᠷᠭᠡ ᠦᠢᠯᠡᠳᠬᠦ ᠦᠢᠯᠡᠰ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠣᠯᠤᠨ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ ᠰᠣᠶᠣᠯ ᠰᠤᠷᠭᠠᠨ ᠬᠥᠮᠦᠵᠢᠯ᠂ ᠭᠠᠷ ᠤᠷᠠᠯᠠᠯ᠂ ᠪᠡᠶ᠎ᠡ ᠶᠢᠨ ᠲᠠᠮᠢᠷ ᠪᠠ ᠲᠣᠭᠯᠠᠭᠠᠮ ᠤᠨ ᠬᠡᠷᠡᠭᠰᠡᠯ ᠦᠢᠯᠡᠳᠬᠦ ᠦᠢᠯᠡᠰ ᠵᠡᠷᠭᠡ ᠪᠤᠯᠤᠨ᠎ᠠ᠃ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ᠂ ᠮᠠᠨ ᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ ᠮᠠᠰᠢ ᠲᠦᠷᠭᠡᠨ ᠨᠡᠮᠡᠭᠳᠡᠵᠦ᠂ ᠡᠭᠦᠨ ᠳᠤ ᠡᠯᠧᠺᠲᠷᠣᠨ ᠺᠣᠮᠫᠢᠦ᠋ᠲ᠋ᠧᠷ ᠮᠡᠳᠡᠭᠡ ᠬᠤᠯᠪᠤᠭᠠᠨ ᠤ  ᠠᠵᠤ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ84.4% ᠨᠡᠮᠡᠭᠳᠡᠵᠦ᠂ ᠲᠡᠮᠦᠷᠯᠢᠭ ᠪᠤᠯᠪᠠᠰᠤᠷᠠᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠴᠤ ᠪᠦᠬᠦᠯᠢ ᠴᠤᠭᠴᠠᠲᠤ ᠠᠵᠦ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠰᠠᠶᠢᠨ ᠪᠠᠶᠢᠨ᠎ᠠ᠃  ᠭᠠᠷᠤᠯᠲᠠ ᠠᠴᠠ ᠨᠢ ᠦᠵᠡᠪᠡᠯ᠂ ᠪᠠᠭ᠎ᠠ ᠮᠠᠰᠢᠨ ᠲᠡᠷᠭᠡ ᠵᠡᠷᠭᠡ ᠶᠢᠨ ᠭᠠᠷᠤᠯᠲᠠ ᠨᠡᠯᠢᠶᠡᠳ ᠲᠦᠷᠭᠡᠨ ᠪᠠᠶᠢᠨ᠎ᠠ᠃ ᠡᠨᠡ ᠵᠢᠯ ᠤᠨ 1~2 ᠳ᠋ᠤᠭᠠᠷ ᠰᠠᠷ᠎ᠠ ᠳᠤ᠂ ᠴᠢ ᠷᠦᠢ ᠶᠢᠨ ᠤᠷᠳᠤᠰ ᠲᠠᠬᠢ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠯ ᠢ ᠦᠷᠭᠡᠳᠬᠦ ᠶᠢ ᠳᠠᠭᠠᠯᠳᠤᠨ᠂ ᠪᠥᠬᠦ ᠣᠷᠣᠨ ᠤ ᠦᠢᠯᠡᠳᠪᠦᠷᠢᠯᠡᠭᠰᠡᠨ ᠪᠠᠭ᠎ᠠ ᠮᠠᠰᠢᠨ ᠲᠡᠷᠭᠡ ᠨᠢᠭᠡᠨᠲᠡ ᠬᠤᠶᠠᠷ ᠲᠦᠮᠡ ᠶᠢ ᠳᠠᠪᠠᠵᠤ᠂ ᠰᠢᠩᠭᠡᠨ ᠪᠡᠶᠡᠲᠦ ᠰᠦᠨ ᠤ ᠭᠠᠷᠤᠯᠲᠠ 42.26 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.2%᠎ ᠢᠶᠠᠷ ᠨᠡᠮᠡᠭᠳᠡᠵᠡᠶ᠃ ᠡᠭᠦᠨ ᠠᠴᠠ ᠭᠠᠳᠠᠨ᠎ᠠ᠂ ᠬᠡᠰᠡᠭ ᠲᠤᠮᠤ ᠬᠡᠯᠪᠡᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠲᠠᠰᠤᠷᠠᠯᠲᠠ ᠦᠭᠡᠶ ᠨᠡᠮᠡᠭᠳᠡᠵᠡᠢ᠂ ᠵᠢᠱᠢᠶᠡᠯᠡᠪᠡᠯ ᠪᠤᠭᠤᠲᠤ ᠶᠢᠨ ᠪᠤᠯᠤᠳ ᠲᠡᠮᠦᠷ ᠤᠨ ᠲᠡᠮᠦᠷ ᠵᠠᠮ ᠤᠨ ᠨᠢᠷᠤᠭᠤᠨ ᠤ ᠦᠢᠯᠡᠳᠪᠦᠷᠢ ᠶᠢᠨ H ᠬᠡᠯᠪᠡᠷᠢ ᠶᠢᠨ ᠪᠣᠯᠣᠳ ᠨᠢ ᠧᠦ᠋ᠷᠣᠫᠠ ᠶᠢᠨ ᠬᠤᠯᠪᠣᠭᠠᠨ ᠤ ᠤᠯᠤᠰ ᠲᠤ ᠪᠤᠷᠤᠯᠠᠭᠤᠯᠤᠭᠳᠠᠬᠤ ᠨᠡᠪᠲᠡᠷᠡᠯ ᠤᠨ ᠦᠨᠡᠮᠯᠡᠯ ᠤᠯᠪᠠ᠃ ᠣᠶᠢᠷ᠎ᠠ ᠳᠤ᠂ ᠪᠤᠭᠤᠲᠤ ᠶᠢᠨ ᠪᠤᠯᠤᠳ ᠲᠡᠮᠦᠷ ᠤᠨ ᠲᠡᠮᠦᠷ ᠵᠠᠮ ᠤᠨ ᠨᠢᠷᠤᠭᠤᠨ ᠤ ᠦᠢᠯᠡᠳᠪᠦᠷᠢ ᠶᠢᠨ H ᠬᠡᠯᠪᠡᠷᠢ ᠶᠢᠨ ᠪᠣᠯᠣᠳ ᠦᠢᠯᠡᠳᠬᠦᠨ  ᠠᠩᠭ᠍ᠯᠢ ᠶᠢᠨ ᠯᠠᠦ᠋ᠢᠳ᠋ ᠤᠨ ᠦᠨᠡᠮᠰᠢᠬᠦ ᠺᠤᠮᠫᠠᠨᠢ ᠶᠢᠨ ᠲᠤᠬᠠᠶ ᠶᠢᠨ ᠲᠠᠯᠠᠪᠤᠷ ᠤᠨ ᠬᠢᠨᠠᠨ ᠬᠠᠷᠠᠭᠤᠯᠤᠯᠲᠠ ᠶᠢ ᠤᠷᠤᠭᠰᠢᠲᠠᠶ ᠳᠠᠪᠠᠵᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ H ᠬᠡᠯᠪᠡᠷᠢ ᠶᠢᠨ ᠪᠣᠯᠣᠳ ᠦᠢᠯᠡᠳᠬᠦᠨ ᠨᠢ ᠧᠦ᠋ᠷᠣᠫᠠ ᠶᠢᠨ ᠬᠤᠯᠪᠣᠭᠠᠨ ᠤ ᠤᠯᠤᠰ ᠲᠤ ᠪᠤᠷᠤᠯᠠᠭᠤᠯᠤᠭᠳᠠᠬᠤ ᠨᠡᠪᠲᠡᠷᠡᠯ ᠤᠨ ᠦᠨᠡᠮᠯᠡᠯ ᠤᠯᠤᠭᠰᠠᠨ ᠢ ᠬᠠᠷᠠᠭᠤᠯᠪᠠ᠃ ᠪᠤᠭᠤᠲᠤ ᠶᠢᠨ ᠪᠤᠯᠤᠳ ᠲᠡᠮᠦᠷ ᠤᠨ ᠲᠡᠮᠦᠷ ᠵᠠᠮ ᠤᠨ ᠨᠢᠷᠤᠭᠤᠨ ᠤ ᠦᠢᠯᠡᠳᠪᠦᠷᠢ ᠨᠢ ᠳᠡᠯᠡᠬᠡᠶ ᠶᠢᠨ ᠲᠡᠷᠢᠭᠦᠨ ᠤ ᠲᠡᠭᠦᠰ ᠴᠢᠳᠠᠪᠤᠷᠢᠲᠤ ᠬᠡᠪᠰᠢᠭᠦᠯᠬᠦ ᠮᠠᠰᠢᠨ ᠤ ᠦᠢᠯᠡᠳᠪᠦᠷᠢᠯᠡᠯ ᠤᠨ ᠱᠤᠭᠤᠮ ᠲᠠᠢ ᠪᠠᠶᠢᠵᠤ᠂ H ᠬᠡᠯᠪᠡᠷᠢ ᠶᠢᠨ ᠪᠣᠯᠣᠳ ᠦᠢᠯᠡᠳᠬᠦᠨ ᠢ ᠦᠢᠯᠡᠳᠪᠦᠷᠢᠯᠡᠬᠦ ᠳᠡᠯᠡᠬᠡᠶᠢᠵᠢᠯᠲᠡ ᠶᠢᠨ ᠬᠢᠷᠢ ᠬᠡᠮᠵᠢᠶ᠎ᠡ ᠲᠠᠢ ᠪᠤᠯᠵᠤ᠂ H ᠬᠡᠯᠪᠡᠷᠢ ᠶᠢᠨ ᠪᠣᠯᠣᠳ ᠬᠡᠪ ᠤᠨ ᠪᠥᠬᠦᠨ ᠢ ᠬᠠᠮᠤᠷᠴᠠᠢ᠃ ᠣᠳᠣᠬᠠᠨ ᠳᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ H ᠬᠡᠯᠪᠡᠷᠢ ᠶᠢᠨ ᠪᠣᠯᠣᠳ ᠦᠢᠯᠡᠳᠬᠦᠨ ᠨᠢ ᠺᠤᠷᠢᠶᠠ᠂ ᠸᠢᠶ᠋ᠢᠲᠨᠠᠮ ᠵᠡᠷᠭᠡ ᠤᠯᠤᠰ ᠪᠠ ᠭᠠᠵᠠᠷ ᠣᠷᠣᠨ ᠳᠤ ᠪᠤᠷᠤᠯᠠᠭᠤᠯᠠᠭᠳᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号