ᠾᠧᠪᠸᠢ ᠦᠪᠦᠷ ᠮᠣᠩᠭᠤᠯ ᠤᠨ ᠱᠤᠭᠤᠮ ᠤᠨ ᠭᠤᠷᠪᠠᠳᠠᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠠᠵᠢᠯ ᠤᠨ ᠬᠤᠷᠠᠯ ᠾᠧᠪᠸᠢ ᠮᠤᠵᠢ ᠶᠢᠨ ᠱᠢ ᠵᠢᠶᠠ ᠵᠤᠸᠠᠩ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/3/29
     3 ᠳ᠋ᠤᠭᠠᠷ ᠰᠠᠷ᠎ᠠ ᠶᠢᠨ 24᠎ ᠤ ᠡᠳᠦᠷ᠂ ᠾᠧᠪᠸᠢ ᠦᠪᠦᠷ ᠮᠣᠩᠭᠤᠯ ᠱᠤᠭᠤᠮ ᠤᠨ ᠭᠤᠷᠪᠠᠳᠠᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠠᠵᠢᠯ ᠤᠨ ᠠᠩᠬᠠᠳᠤᠭᠠᠷ ᠬᠤᠯᠪᠤᠭᠠᠲᠤ ᠬᠤᠷᠠᠯ ᠾᠧᠪᠸᠢ ᠮᠤᠵᠢ ᠶᠢᠨ ᠱᠢ ᠵᠢᠶᠠ ᠵᠤᠸᠠᠩ ᠬᠤᠲᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠾᠧᠪᠸᠢ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠰᠢᠤᠢ ᠵᠧᠨ ᠺᠧ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤᠸᠠᠩ ᡁᠢ ᠵᠢᠶᠠᠩ ᠬᠤᠷᠠᠯ ᠳᠤ ᠣᠷᠣᠯᠴᠠᠵᠤ᠂ ᠬᠤᠶᠠᠷ ᠮᠤᠵᠢ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷᠡᠶᠢᠳᠦᠯ ᠤᠨ ᠭᠠᠵᠠᠷ ᠤᠨ ᠬᠠᠮᠢᠶ᠎ᠠ ᠪᠦ᠋ᠬᠦᠢ ᠬᠥᠮᠦᠰ ᠵᠢᠴᠢ ᠬᠤᠶᠠᠷ ᠮᠤᠵᠢ ᠣᠷᠣᠨ ᠤ ᠬᠥᠷᠰᠢ ᠵᠡᠷᠭᠡᠯᠡᠳᠡᠭᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯᠴᠢᠯᠠᠨ ᠬᠠᠮᠢᠶᠠᠷᠬᠤ ᠤᠳᠤᠷᠢᠳᠤᠯᠭ᠎ᠠ ᠪᠣᠯᠤᠨ ᠵᠠᠭᠠᠭ ᠱᠤᠭᠤᠮ ᠤᠨ ᠬᠠᠮᠢᠶᠠᠷᠤᠯᠲᠠ ᠶᠢᠨ ᠠᠵᠢᠯᠲᠠᠳ ᠬᠤᠷᠠᠯ ᠳᠤ ᠣᠷᠣᠯᠴᠠᠵᠠᠶ᠃      ᠬᠤᠷᠠᠯ ᠳᠤ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷᠡᠶᠢᠳᠦᠯ ᠤᠨ ᠭᠠᠵᠠᠷ ᠤᠨ ᠳᠠᠷᠤᠭ᠎ᠠ ᠼᠤᠤ ᠯᠢ ᠯᠢ ᠠᠴᠠ ᠳᠠᠷᠤᠭ᠎ᠠ ︽ᠾᠧᠪᠸᠢ ᠮᠤᠵᠢ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠭᠤᠷᠪᠠᠳᠠᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠲᠦᠰᠦᠯ︾᠎ ᠢ ᠤᠩᠰᠢᠨ ᠨᠡᠶᠢᠲᠡᠯᠡᠵᠦ᠂ ᠾᠧᠪᠸᠢ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷᠡᠶᠢᠳᠦᠯ ᠤᠨ ᠭᠠᠵᠠᠷ ᠤᠨ ᠳᠠᠷᠤᠭ᠎ᠠ ᠵᠣᠣ ᠯᠢ ︽ᠾᠧᠪᠸᠢ ᠦᠪᠦᠷ ᠮᠣᠩᠭᠤᠯ ᠤᠨ ᠱᠤᠭᠤᠮ ᠤᠨ ᠡᠩᠬᠡ ᠲᠠᠶᠢᠪᠤᠩ ᠬᠢᠯᠢ ᠶᠢᠨ ᠵᠠᠭᠠᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠡᠯᠡᠯᠴᠡᠭᠡᠷ ᠤᠨ ᠪᠢᠴᠢᠭ︾᠎ ᠢ ᠤᠩᠰᠢᠨ ᠨᠡᠶᠢᠲᠡᠯᠡᠪᠡ᠃ ᠬᠤᠶᠠᠷ ᠮᠤᠵᠢ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠤᠳᠤᠷᠢᠳᠤᠯᠭ᠎ᠠ ᠴᠢᠬᠤᠯᠠ ᠶᠠᠷᠢᠶ᠎ᠠ ᠲᠠᠯᠪᠢᠭᠰᠠᠨ ᠤ ᠳᠠᠭᠠᠤ ᠬᠤᠷᠠᠯ ᠤᠨ ᠲᠣᠪᠴᠢ ᠲᠡᠮᠳᠡᠭᠯᠡᠯ ᠵᠢᠴᠢ ᠡᠩᠬᠡ ᠲᠠᠶᠢᠪᠤᠩ ᠬᠢᠯᠢ ᠶᠢᠨ ᠵᠠᠭᠠᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠪᠠ᠃      ᠬᠤᠸᠠᠩ ᡁᠢ ᠵᠢᠶᠠᠩ ᠲᠢᠩᠬᠢᠮ ᠤᠨ ᠳᠡᠳ᠋ ᠳᠠᠷᠤᠭ᠎ᠠ ︽ᠬᠠᠮᠲᠤᠷᠠᠨ ᠪᠠᠶᠢᠴᠠᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠬᠤ᠂ ᠬᠠᠮᠲᠤᠷᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠬᠦ᠂ ᠵᠠᠭᠠᠭ ᠱᠤᠭᠤᠮ ᠤᠨ ᠲᠡᠮᠳᠡᠭ ᠪᠣᠳᠠᠰ ᠢ ᠦᠨᠡᠨ ᠬᠦ ᠰᠠᠶᠢᠲᠤᠷ ᠬᠠᠮᠠᠭᠠᠯᠠᠬᠤ᠂ ᠡᠩᠬᠡ ᠲᠠᠶᠢᠪᠤᠩ ᠬᠢᠯᠢ ᠶᠢᠨ ᠵᠠᠭᠠᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ︾ ᠳᠥᠷᠪᠡᠨ ᠲᠠᠯ᠎ᠠ ᠪᠠᠷ ᠾᠧᠪᠸᠢ ᠦᠪᠦᠷ ᠮᠣᠩᠭᠤᠯ ᠤᠨ ᠱᠤᠭᠤᠮ ᠤᠨ ᠭᠤᠷᠪᠠᠳᠠᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠠᠵᠢᠯ ᠳᠤ ᠪᠣᠳᠠᠲᠠᠶ ᠰᠠᠨᠠᠯ ᠳᠤᠷᠠᠳᠪᠠ᠃ ᠳᠡᠳ᠋ ᠲᠢᠩᠬᠢᠮ ᠤᠨ ᠳᠠᠷᠤᠭ᠎ᠠ ᠰᠢᠦᠢ ᠵᠧᠨ ᠺᠧ ︽ᠬᠠᠮᠲᠤᠷᠠᠨ ᠪᠠᠶᠢᠴᠠᠭᠠᠬᠤ ᠠᠵᠢᠯ ᠢ ᠬᠡᠷᠬᠢᠨ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠲᠠᠨᠢᠵᠤ᠂ ᠬᠠᠮᠲᠤᠷᠠᠨ ᠪᠠᠶᠢᠴᠠᠭᠠᠬᠤ ᠠᠵᠢᠯ ᠤᠨ ᠳᠤᠮᠳᠠᠬᠢ ᠵᠠᠩᠭᠢᠯᠠᠭ᠎ᠠ ᠶᠢᠨ ᠭᠤᠭᠴᠤᠭ᠎ᠠ ᠶᠢ ᠬᠡᠷᠬᠢᠨ ᠡᠵᠡᠮᠰᠢᠬᠦ᠂ ᠬᠠᠮᠲᠤᠷᠠᠨ ᠪᠠᠶᠢᠴᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠡᠷᠬᠢᠨ ᠴᠢᠩᠭᠠᠳᠬᠠᠬᠤ︾ ᠭᠤᠷᠪᠠᠨ ᠲᠠᠯ᠎ᠠ ᠪᠠᠷ ᠲᠠᠶᠢᠯᠪᠤᠷᠢ ᠬᠢᠭᠰᠡᠨ ᠤ ᠬᠠᠮᠲᠤ ᠪᠣᠳᠠᠲᠠᠶ ᠱᠠᠭᠠᠷᠳᠠᠯᠭ᠎ᠠ ᠪᠠᠨ ᠲᠤᠳᠤᠷᠬᠠᠶᠢᠯᠠᠪᠠ᠃      ᠬᠤᠷᠠᠯ ᠳᠤ ᠣᠷᠣᠯᠴᠠᠭᠰᠠᠳ ᠰᠠᠨᠠᠯ ᠨᠢᠭᠡᠲᠡᠶ ᠢᠯᠡᠳᠬᠡᠭᠰᠡᠨ ᠨᠢ᠂ ᠬᠤᠶᠠᠷ ᠮᠤᠵᠢ ᠣᠷᠣᠨ ᠤ ᠬᠥᠷᠰᠢ ᠵᠡᠷᠭᠡᠯᠡᠳᠡᠭᠡ ᠭᠠᠵᠠᠷ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠷᠬᠡᠪᠰᠢ ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤᠷᠠᠨ ᠪᠠᠶᠢᠴᠠᠭᠠᠬᠤ ᠡᠭᠦᠷᠭᠡ ᠶᠢᠨ ᠬᠦᠴᠦᠨ ᠲᠠᠢ ᠬᠤᠭᠤᠴᠠᠭ᠎ᠠ ᠶᠢ ᠲᠤᠳᠤᠷᠬᠠᠶᠢᠯᠠᠵᠤ᠂ ᠵᠢᠷᠤᠮᠵᠢᠯ ᠶᠣᠰᠣᠭᠠᠷ ᠦᠷ᠎ᠡ ᠪᠦᠲᠦᠭᠡᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠾᠧᠪᠸᠢ ᠦᠪᠦᠷ ᠮᠣᠩᠭᠤᠯ ᠤᠨ ᠱᠤᠭᠤᠮ ᠤᠨ ᠲᠤᠰ ᠤᠳᠠᠭᠠᠨ ᠤ ᠬᠠᠮᠲᠤᠷᠠᠨ ᠪᠠᠶᠢᠴᠠᠭᠠᠬᠤ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ᠬᠤᠶᠠᠷ ᠮᠤᠵᠢ ᠣᠷᠣᠨ ᠤ ᠬᠥᠷᠰᠢ ᠵᠡᠷᠭᠡᠯᠡᠳᠡᠭᠡ ᠭᠠᠵᠠᠷ ᠣᠷᠣᠨ ᠤ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠦᠵᠡᠭᠦᠯᠦᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号