ᠥᠪᠥᠷ ᠮᠣᠩᠭᠤᠯ ᠣᠷᠴᠢᠨ ᠲᠣᠭᠤᠷᠢᠨ ᠢ ᠪᠣᠬᠢᠷᠲᠤᠭᠤᠯᠬᠤ ᠶᠠᠪᠤᠳᠠᠯ ᠳᠤ ᠠᠩᠬ᠎ᠠ ᠤᠳᠠᠭ᠎ᠠ ᠬᠡᠪᠴᠢᠶ᠎ᠡ ᠪᠠᠷ ᠦᠷᠭᠡᠨ᠂ ᠬᠢᠷᠢ ᠬᠡᠮᠵᠢᠶ᠎ᠡ ᠪᠠᠷ ᠦᠨᠳᠦᠷ ᠴᠣᠬᠢᠯᠲᠠ ᠥᠭᠬᠦ ᠲᠤᠰᠬᠠᠶ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2016/3/30
     ᠣᠷᠴᠢᠨ ᠲᠣᠭᠤᠷᠢᠨ ᠢ ᠪᠤᠬᠢᠷᠳᠤᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠬᠢᠷᠠᠯ ᠢ ᠪᠠᠭᠠᠰᠬᠠᠬᠤ ᠪᠠ ᠬᠤᠷᠢᠭᠯᠠᠨ ᠵᠣᠭᠰᠣᠭᠠᠵᠤ᠂ ︽ᠠᠭᠤᠯᠠ ᠤᠰᠤ ᠪᠠᠨ ᠴᠡᠯᠮᠡᠭ ᠲᠤᠩᠭᠠᠯᠠᠭ ᠪᠠᠶᠢᠯᠭᠠᠬᠤ︾ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢᠨ ᠲᠤᠯᠠᠳᠠ᠂ ᠥᠪᠥᠷ ᠮᠣᠩᠭᠤᠯ ᠤᠨ ᠣᠷᠴᠢᠨ ᠲᠤᠭᠤᠷᠢᠨ ᠢ ᠪᠣᠬᠢᠷᠲᠤᠭᠤᠯᠤᠭᠰᠠᠨ ᠶᠠᠯᠠᠲᠤ ᠬᠡᠷᠡᠭ ᠲᠤ ᠴᠣᠬᠢᠯᠲᠠ ᠥᠭᠬᠦ ︽2016 ᠣᠨ ᠤ ᠴᠡᠯᠮᠡᠭ ᠲᠤᠩᠭᠠᠯᠠᠭ ᠠᠭᠤᠯᠠ ᠤᠰᠤ︾ ᠬᠡᠮᠡᠬᠦ ᠲᠤᠰᠬᠠᠶ ᠠᠵᠢᠯᠯᠠᠭ᠎ᠠ ᠨᠢ 3 ᠳ᠋ᠤᠭᠠᠷ ᠰᠠᠷ᠎ᠠ ᠶᠢᠨ ᠳᠤᠮᠳᠠᠴᠢ ᠠᠴᠠ ᠨᠢᠭᠡᠨᠲᠡ ᠡᠬᠢᠯᠡᠪᠡ᠃ ᠡᠨᠡ ᠤᠳᠠᠭ᠎ᠠ ᠶᠢᠨ ᠲᠤᠰᠬᠠᠶ ᠠᠵᠢᠯᠯᠠᠭ᠎ᠠ ᠨᠢ 6 ᠰᠠᠷ᠎ᠠ ᠶᠠᠪᠤᠭᠳᠠᠵᠤ᠂ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠦᠬᠡᠨ ᠳᠡᠭᠡᠷᠡᠬᠢ ᠠᠩᠬᠠᠳᠤᠭᠠᠷ ᠤᠳᠠᠭᠠᠨ ᠤ ᠬᠡᠪᠴᠢᠶ᠎ᠡ ᠪᠠᠷ ᠦᠷᠭᠡᠨ᠂ ᠬᠢᠷᠢ ᠬᠡᠮᠵᠢᠶ᠎ᠡ ᠪᠠᠷ ᠥᠨᠳᠥᠷ ᠲᠤᠰᠬᠠᠶ ᠠᠵᠢᠯᠯᠠᠭ᠎ᠠ ᠪᠤᠯᠤᠨ᠎ᠠ᠃  ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠲᠤᠰᠬᠠᠶ ᠠᠵᠢᠯᠯᠠᠭ᠎ᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠣᠯᠳᠠᠯᠭ᠎ᠠ ᠨᠢ ᠬᠡᠦᠷᠰᠢᠭᠦᠯᠬᠦ᠂ ᠴᠠᠭᠠᠰᠤ ᠬᠢᠬᠦ᠂ ᠬᠦᠨᠳᠦ ᠥᠩᠭᠡᠲᠦ ᠲᠡᠮᠦᠷᠯᠢᠭ ᠤᠨ ᠠᠭᠤᠷᠬᠠᠶ ᠶᠢᠨ ᠬᠦᠳᠡᠷ ᠰᠤᠩᠭᠤᠬᠤ ᠦᠢᠯᠡᠰ ᠵᠡᠷᠭᠡ ︽ᠠᠷᠪᠠᠨ ᠶᠡᠭᠡ︾ ᠭᠤᠣᠯᠳᠠᠯᠭ᠎ᠠ ᠲᠠᠢ ᠠᠵᠢᠯ ᠲᠥᠷᠥᠯ ᠪᠤᠯᠤᠨ᠎ᠠ︔ ᠴᠠᠭᠠᠰᠤ ᠬᠢᠬᠦ᠂ ᠠᠷᠠᠰᠤ ᠡᠯᠳᠡᠬᠦ᠂ ᠲᠠᠷᠢᠶᠠᠨ ᠡᠮ ᠵᠡᠷᠭᠡ ᠵᠢᠵᠢᠭ ᠬᠡᠯᠪᠡᠷᠢ ᠶᠢᠨ ︽ᠠᠷᠪᠠᠨ ᠵᠢᠵᠢᠭ︾ ᠠᠵᠤ ᠠᠬᠤᠶᠢᠯᠠᠯ ᠢ ᠦᠬᠡᠶᠢᠰᠭᠡᠬᠦ ᠪᠤᠯᠤᠨ᠎ᠠ᠃ ᠢᠯᠠᠩᠭᠤᠶ᠎ᠠ ᠬᠠᠲᠤᠨ ᠭᠤᠣᠯ ᠤᠨ ᠰᠠᠪᠠ ᠭᠠᠵᠠᠷ ᠤᠨ ᠲᠦᠭᠦᠬᠡᠶ ᠮᠠᠲ᠋ᠧᠷᠢᠶᠠᠯ ᠤᠨ ᠡᠮ ᠦᠢᠯᠡᠳᠬᠦ᠂ ᠥᠩᠭᠡᠲᠦ ᠲᠡᠮᠦᠷᠯᠢᠭ ᠬᠠᠶᠢᠯᠤᠭᠤᠯᠬᠤ᠂ ᠬᠢᠮᠢ ᠶᠢᠨ ᠲᠦᠭᠦᠬᠡᠶ ᠡᠳ᠋ ᠦᠢᠯᠡᠳᠬᠦ ᠵᠡᠷᠭᠡ ᠠᠵᠢᠯ ᠲᠥᠷᠥᠯ᠂ ᠰᠤᠩᠭᠠᠷᠢ ᠮᠥᠷᠡᠨ᠂ ᠪᠠᠷᠠᠭᠤᠨ ᠯᠢᠶᠣᠤ ᠾᠧ ᠭᠤᠣᠯ᠂ ᠬᠠᠢ ᠯᠤᠸᠠᠨ ᠡᠾᠧ ᠭᠤᠤᠯ ᠤᠨ ᠰᠠᠪᠠ ᠭᠠᠵᠠᠷ᠂ ᠬᠥᠯᠥᠨ ᠨᠠᠭᠤᠷ᠂ ᠳᠠᠯᠠᠶᠢᠨᠠᠭᠤᠷ ᠨᠠᠭᠤᠷ᠂ ᠤᠯᠠᠭᠠᠨ ᠰᠤᠬᠠᠢ ᠨᠠᠭᠤᠷ ᠵᠡᠷᠭᠡ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠲᠠᠯᠳᠠ ᠭᠡᠮ ᠣᠷᠣᠰᠢᠵᠤ ᠪᠠᠶᠢᠭ᠎ᠠ ᠠᠵᠤ ᠦᠢᠯᠡᠰ ᠲᠤ ᠴᠢᠭᠯᠡᠭᠦᠯᠪᠡ︔ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠤᠲᠤᠷᠠᠬᠢ ᠣᠷᠴᠢᠨ ᠲᠣᠭᠤᠷᠢᠨ ᠤ ᠠᠮᠤᠷ ᠲᠦᠪᠰᠢᠨ ᠤ ᠲᠠᠯᠳᠠ ᠭᠡᠮ  ᠤᠷᠤᠰᠢᠵᠤ ᠪᠠᠶᠢᠭ᠎ᠠ ᠠᠵᠤ ᠦᠢᠯᠡᠰ ᠵᠢᠴᠢ ᠬᠥᠬᠡᠬᠤᠲᠠ᠂ ᠪᠤᠭᠤᠲᠤ ᠬᠤᠳᠠ᠂ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠴᠠᠬᠢᠯᠭᠠᠨ ᠬᠦᠴᠦ᠂ ᠬᠡᠦᠷᠰᠢᠭᠦᠯᠬᠦ᠂ ᠪᠣᠯᠣᠳ ᠲᠡᠮᠦᠷ ᠵᠡᠷᠭᠡ ᠠᠵᠢᠯ ᠲᠦᠷᠦᠯ ᠢ ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠲᠤᠰᠬᠠᠶ ᠠᠵᠢᠯᠯᠠᠭ᠎ᠠ ᠨᠢ ᠪᠠᠰᠠ ᠤᠤᠭᠤᠬᠤ ᠤᠰᠤᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠦᠢᠰᠦ ᠣᠷᠣᠨ ᠤ ᠰᠠᠴᠤᠷᠠᠭ ᠢᠳᠡᠪᠬᠢ ᠴᠢᠨᠠᠷᠲᠠᠶ ᠬᠠᠶᠠᠭᠳᠠᠮᠠᠯ ᠪᠣᠳᠠᠰ᠂ ᠬᠠᠯᠳᠠᠪᠤᠷᠢᠲᠤ ᠡᠪᠡᠳᠴᠢᠨ ᠡᠭᠦᠰᠭᠡᠭᠴᠢ ᠬᠠᠶᠠᠭᠳᠠᠮᠠᠯ ᠪᠣᠳᠠᠰ᠂ ᠬᠤᠤᠷᠲᠤ ᠪᠤᠳᠠᠰ ᠢ ᠭᠠᠳᠠᠭᠰᠢᠯᠠᠭᠤᠯᠬᠤ᠂ ᠬᠠᠶᠠᠬᠤ᠂ ᠰᠢᠢᠳᠪᠦᠷᠢᠯᠡᠬᠦ  ᠵᠡᠷᠭᠡ ᠣᠷᠴᠢᠨ ᠲᠤᠭᠤᠷᠢᠨ ᠤ ᠬᠠᠤᠯᠢ ᠠᠴᠠ ᠵᠥᠷᠢᠴᠡᠭᠰᠡᠨ 6 ᠵᠦᠢᠯ ᠤᠨ ᠠᠵᠢᠯᠠᠭ᠎ᠠ ᠳᠤ ᠴᠤᠬᠢᠯᠲᠠ ᠦᠭᠴᠦ ᠪᠠᠶᠢᠴᠠᠭᠠᠨ ᠰᠢᠢᠳᠪᠦᠷᠢᠯᠡᠬᠦ ᠶᠢ ᠲᠤᠲᠤᠷᠬᠠᠶᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号