ᠥᠪᠥᠷ ᠮᠣᠩᠭᠤᠯ᠄ ᠡᠨᠡ ᠵᠢᠯ ᠪᠣᠬᠢᠷᠳᠣᠯ ᠦᠭᠡᠢ ᠥᠨᠳᠥᠷ ᠤᠨᠠᠯᠲᠠ ᠲᠠᠢ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠪᠦᠷᠬᠦᠴᠡ ᠶᠢᠨ ᠨᠤᠷᠮ᠎ᠠ ᠶᠢ 40%᠎ ᠠᠴᠠ ᠳᠠᠪᠠᠭᠤᠯᠬᠤ ᠪᠠᠷ ᠪᠤᠢ
ᠨᠡᠶᠢᠲᠡᠯᠡᠭᠰᠡᠨ ᠴᠠᠭ᠄
2016/3/30
     2016 ᠣᠨ ᠪᠣᠯ ᠮᠠᠨ ᠤ ᠣᠷᠣᠨ ᠤ ᠠᠮᠤ ᠪᠤᠳᠠᠭ᠎ᠠ ᠶᠢ ᠪᠣᠬᠢᠷᠳᠤᠯ ᠦᠭᠡᠢ᠂ ᠤᠨᠠᠯᠲᠠ ᠨᠡᠮᠡᠭᠳᠡᠭᠦᠯᠬᠦ ᠵᠠᠭᠪᠤᠷᠰᠢᠯ ᠤᠨ ᠪᠠᠬᠢᠯᠠᠯᠲᠡ ᠶᠢ ᠰᠢᠪᠲᠤᠯᠬᠤ ᠶᠢ ᠦᠷᠨᠢᠭᠦᠯᠦᠭᠰᠡᠨ ᠭᠤᠷᠪᠠᠳᠠᠬᠢ ᠵᠢᠯ ᠶᠤᠮ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠠᠴᠠ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠠᠪᠤᠨ ᠶᠡᠭᠡ ᠲᠠᠷᠢᠮᠠᠯ ᠤᠨ ᠪᠣᠬᠢᠷᠳᠣᠯ ᠦᠭᠡᠢ ᠦᠨᠳᠦᠷ ᠤᠨᠠᠯᠲᠠ ᠲᠠᠢ ᠦᠨᠳᠦᠷ ᠦᠷ᠎ᠡ ᠠᠰᠢᠭ ᠲᠠᠢ ᠭᠤᠣᠯᠯᠠᠬᠤ ᠮᠡᠷᠭᠡᠵᠢᠯ ᠢ 3500 ᠲᠦᠮᠡᠨ ᠮᠦ ᠳᠡᠯᠭᠡᠷᠡᠭᠦᠯᠵᠦ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠪᠦᠷᠬᠦᠴᠡ ᠶᠢᠨ ᠨᠤᠷᠮ᠎ᠠ ᠶᠢ ᠠᠮᠤ ᠳᠤᠰᠤᠨ ᠤ ᠲᠠᠷᠢᠮᠠᠯ ᠤᠨ ᠲᠠᠯᠠᠪᠠᠢ ᠶᠢᠨ 40᠎ ᠠᠴᠠ ᠳᠡᠭᠡᠭᠰᠢ ᠳᠤ ᠬᠦᠷᠦᠭᠦᠯᠵᠦ᠂ ᠠᠮᠤ ᠳᠤᠰᠤᠨ ᠤ ᠲᠠᠷᠢᠮᠠᠯ ᠤᠨ ᠤᠨᠠᠯᠲᠠ ᠶᠢᠨ ᠨᠡᠮᠡᠭᠳᠡᠯ   ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ ᠳᠤ ᠮᠡᠷᠭᠡᠵᠢᠯ ᠤᠨ ᠲᠦᠰᠢᠭ ᠲᠤᠯᠭᠠᠭᠤᠷᠢ  ᠣᠯᠭᠤᠨ᠎ᠠ᠃      ᠥᠪᠡᠷᠲᠡᠭᠡᠨ ᠵᠠᠰᠠᠬᠤ ᠣᠷᠣᠨ ᠤ ᠬᠥᠳᠡᠭᠡ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠥᠷᠲᠡᠭᠡᠨ ᠤ ᠲᠤᠰᠬᠠᠶ ᠮᠡᠷᠭᠡᠵᠢᠯᠲᠡᠨ ᠤ ᠲᠠᠨᠢᠯᠴᠠᠭᠤᠯᠬᠤ ᠪᠠᠷ᠂ ᠲᠠᠷᠢᠮᠠᠯ ᠤᠨ ᠦᠢᠯᠡᠰ ᠤᠨ ᠪᠦᠲᠦᠴᠡ ᠶᠢ ᠲᠣᠬᠢᠷᠠᠭᠤᠯᠬᠤ ᠳᠦᠬᠦᠷ ᠮᠡᠷᠭᠡᠵᠢᠯ ᠪᠣᠯᠣᠨ ᠠᠮᠤ ᠪᠤᠳᠠᠭ᠎ᠠ ᠶᠢᠨ ᠪᠣᠬᠢᠷᠳᠣᠯ ᠦᠭᠡᠢ ᠪᠠᠷ ᠤᠨᠠᠯᠲᠠ ᠪᠠᠨ ᠨᠡᠮᠡᠭᠳᠡᠭᠦᠯᠬᠦ ᠵᠠᠭᠪᠤᠷᠰᠢᠯ ᠤᠨ ᠪᠠᠬᠢᠯᠡᠯᠲᠡ ᠰᠢᠪᠲᠤᠯᠬᠤ ᠶᠢ ᠰᠠᠶᠢᠲᠤᠷ ᠠᠳᠬᠤᠬᠤ ᠳᠤ᠂ ᠪᠣᠬᠢᠷᠲᠤᠯ ᠦᠭᠡᠢ  ᠦᠨᠳᠦᠷ ᠤᠨᠠᠯᠲᠠ ᠲᠠᠢ ᠦᠯᠡᠮᠵᠢ ᠦᠷ᠎ᠡ ᠠᠰᠢᠭ ᠲᠠᠢ ᠭᠤᠣᠯ ᠵᠢᠱᠢᠶ᠎ᠡ ᠦᠵᠡᠭᠦᠯᠬᠦ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠪᠦᠰᠡ ᠶᠢᠨ ᠤᠨᠠᠯᠲᠠ ᠨᠡᠮᠡᠭᠳᠡᠭᠦᠯᠬᠦ ᠶᠢ ᠲᠡᠩᠴᠡᠭᠦᠷᠢᠰᠢᠭᠦᠯᠬᠦ ᠶᠠᠪᠤᠳᠠᠯ ᠢ ᠰᠠᠶᠢᠲᠤᠷ ᠠᠳᠬᠤᠵᠤ᠂ ᠪᠣᠬᠢᠷᠳᠤᠯ ᠦᠭᠡᠢ ᠤᠨᠠᠯᠲᠠ ᠨᠡᠮᠡᠭᠳᠡᠭᠦᠯᠬᠦ ᠰᠢᠨ᠎ᠡ ᠵᠠᠭᠪᠣᠷᠰᠢᠯ ᠢ ᠪᠤᠢ ᠪᠣᠯᠭᠠᠵᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ ᠪᠣᠯᠣᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠳᠤ ᠤᠰᠤ᠂ ᠬᠠᠭᠤᠷᠠᠶ ᠶᠢᠨ ᠡᠷᠳᠡᠨᠢ ᠰᠢᠰᠢ ᠪᠣᠯᠣᠨ ᠲᠥᠮᠥᠰᠥ ᠶᠢᠨ ᠪᠣᠬᠢᠷᠳᠤᠯ ᠦᠭᠡᠢ ᠤᠨᠠᠯᠲᠠ ᠨᠡᠮᠡᠭᠳᠡᠭᠦᠯᠬᠦ ᠵᠠᠭᠪᠤᠷᠰᠢᠯ ᠤᠨ ᠪᠠᠬᠢᠯᠡᠯᠲᠡ ᠶᠢ ᠰᠢᠪᠲᠤᠯᠬᠤ ᠰᠢᠯᠭᠠᠨ ᠲᠣᠳᠤᠯᠠᠬᠤ ᠴᠢᠨᠠᠷᠲᠠᠢ ᠵᠢᠱᠢᠶ᠎ᠡ ᠦᠵᠡᠭᠦᠯᠬᠦ ᠲᠤᠷᠰᠢᠯᠲᠡ ᠬᠢᠵᠦ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠲᠠᠢ ᠬᠠᠮᠵᠢᠯᠴᠠᠵᠤ᠂ ᠰᠢᠨ᠎ᠡ ᠵᠠᠭᠪᠤᠷᠰᠢᠯ ᠢ ᠪᠣᠢ ᠪᠣᠯᠭᠠᠨ᠂ ᠰᠢᠨ᠎ᠡ ᠰᠢᠪᠲᠤᠯᠤᠯᠲᠠ ᠭᠠᠷᠭᠠᠨ᠎ᠠ ᠭᠡᠪᠡ᠃      ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠲᠠᠷᠢᠮᠠᠯ ᠨᠢ ᠡᠷᠳᠡᠨᠢ ᠰᠢᠰᠢ ᠶᠢᠨ ︽ᠨᠢᠭᠡ ᠶᠢ ᠨᠡᠮᠡᠭᠳᠡᠭᠦᠯᠬᠦ ᠬᠤᠶᠠᠷ ᠢ ᠥᠭᠡᠷᠡᠴᠢᠯᠡᠬᠦ ᠭᠤᠷᠪᠠ ᠶᠢ  ᠳᠡᠭᠡᠭᠰᠢᠯᠡᠭᠦᠯᠬᠦ︾᠂ ᠰᠢᠷ᠎ᠠ ᠪᠤᠷᠴᠠᠭ ᠡᠭᠡᠯᠵᠢᠯᠡᠨ ᠲᠠᠷᠢᠬᠤ ᠠᠯᠠᠭᠯᠠᠨ ᠲᠠᠷᠢᠬᠤ ᠳᠤ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ  ᠂ ᠲᠥᠮᠥᠰᠥ ᠶᠢᠨ ︽ᠬᠤᠶᠠᠷ ᠢ ᠨᠡᠮᠡᠭᠳᠡᠭᠦᠯᠵᠦ ᠲᠠᠪᠤ ᠶᠢ ᠳᠡᠯᠭᠡᠷᠡᠭᠦᠯᠬᠦ︾᠂ ᠪᠤᠭᠤᠳᠠᠢ ᠶᠢ ᠤᠰᠤᠨ ᠳᠤ ᠠᠷᠪᠢᠲᠠᠢ ᠪᠤᠷᠳᠤᠭᠤᠷ ᠲᠤ ᠠᠷᠪᠢᠲᠠᠢ ᠥᠨᠳᠥᠷ ᠦᠷ᠎ᠡ ᠠᠰᠢᠭ ᠲᠠᠢ ᠪᠠᠷ ᠲᠠᠷᠢᠬᠤ᠂ ᠨᠡᠷᠡᠨ ᠬᠤᠸᠠᠷ ᠢ ᠪᠦᠷᠭᠦᠬᠦᠯ ᠎ ᠳᠤ ᠲᠠᠷᠢᠬᠤ ᠶᠢ ᠬᠢᠵᠠᠭᠠᠷᠯᠠᠵᠤ ᠦᠷ᠎ᠡ ᠠᠰᠢᠭ ᠢ ᠨᠢ ᠳᠡᠭᠡᠭᠰᠢᠯᠡᠭᠦᠯᠦᠨ ᠲᠠᠷᠢᠬᠤ ᠵᠡᠷᠭᠡ ᠮᠡᠷᠭᠡᠵᠢᠯ ᠢ ᠭᠤᠣᠯᠳᠠᠯᠭ᠎ᠠ ᠎ ᠲᠠᠢ ᠳᠡᠯᠭᠡᠷᠡᠭᠦᠯᠬᠦ ᠪᠠᠷ ᠪᠤᠢ᠃ ᠡᠭᠦᠨ ᠤ ᠬᠠᠮᠲᠤ᠂ ᠬᠥᠳᠡᠭᠡ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠳ ᠪᠠᠰᠠ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠮᠠᠨ ᠤ ᠣᠷᠣᠨ ᠴᠢᠬᠤᠯᠠ ᠠᠮᠤ ᠲᠣᠰᠤᠨ ᠤ ᠲᠠᠷᠢᠮᠠᠯ ᠤᠨ ᠲᠣᠭᠤᠷᠢᠨ ᠳᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠰᠢᠰᠲ᠋ᠧᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠲᠠᠯ᠎ᠠ ᠪᠠᠷ ᠵᠥᠪᠯᠡᠭᠡ ᠥᠭᠬᠦ 8 ᠰᠢᠰᠲ᠋ᠧᠮᠵᠢ ᠶᠢ ᠪᠠᠶᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠤᠰᠬᠠᠶ ᠮᠡᠷᠭᠡᠵᠢᠯᠲᠡᠨ  ᠤ ᠮᠡᠷᠭᠡᠵᠢᠯ ᠤᠨ ᠵᠥᠪᠯᠡᠯᠭᠡ ᠥᠭᠬᠦ ᠦᠢᠯᠡᠴᠢᠯᠡᠭᠡ ᠶᠢ ᠥᠷᠨᠢᠭᠦᠯᠵᠦ᠂ ᠪᠦᠬᠦ ᠣᠷᠣᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号