ᠥᠪᠥᠷ ᠮᠣᠩᠭᠤᠯ ᠡᠨᠡ ᠵᠢᠯ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2016/3/30
      ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠴᠢᠩᠭ᠎ᠠ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠲᠤᠰᠠᠳᠠ᠂ ᠡᠨᠡ ᠵᠢᠯ ᠥᠪᠥᠷ ᠮᠣᠩᠭᠤᠯ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠦᠨᠳᠦᠰᠦᠨ ᠲᠠᠷᠢᠶᠠᠨ ᠭᠠᠵᠠᠷ ᠢ ᠡᠷᠥᠭᠡ ᠳᠤ ᠥᠭᠬᠦ᠂ ᠵᠢᠷᠤᠭ ᠢ ᠬᠥᠮᠥᠷᠭᠡ ᠳᠤ ᠣᠷᠣᠭᠤᠯᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠦᠨᠡᠨᠬᠦ ᠪᠠᠲᠤᠯᠠᠬᠤ ᠪᠤᠯᠤᠨ᠎ᠠ᠃ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠲᠠᠷᠢᠶᠠᠨ ᠭᠠᠵᠠᠷ ᠤᠨ ︽ᠨᠢᠭᠡ ᠶᠢ ᠡᠵᠡᠯᠡᠵᠦ ᠨᠢᠭᠡ ᠨᠥᠬᠦᠬᠦ︾ ︽ᠤᠷᠢᠳᠠᠪᠠᠷ ᠨᠥᠬᠦᠪᠥᠷᠢᠯᠡᠵᠦ ᠰᠡᠭᠦᠯᠡᠷ ᠨᠢ ᠡᠵᠡᠯᠡᠬᠦ︾ ᠪᠠ ︽ᠳᠠᠪᠠᠭᠤᠯᠢᠭ ᠢ ᠡᠵᠡᠯᠡᠵᠦ ᠳᠠᠪᠠᠭᠤᠯᠢᠭ ᠢ ᠨᠥᠬᠦᠬᠦ︾ ᠳᠦᠷᠢᠮ ᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠰᠠᠯᠬᠤ ᠦᠶᠡᠰ ᠲᠠᠷᠢᠶᠠᠨ ᠭᠠᠵᠠᠷ ᠪᠣᠯᠤᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠭᠰᠠᠨ ᠪᠠᠶᠢᠳᠠᠯ ᠢ ᠬᠢᠨᠠᠨ ᠪᠣᠳᠣᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠤᠳᠤ ᠪᠠᠶᠢᠭ᠎ᠠ ᠲᠠᠷᠢᠶᠠᠨ ᠭᠠᠵᠠᠷ ᠤᠨ ᠲᠠᠯᠠᠪᠠᠢ ᠢ ᠦᠨᠳᠦᠰᠦᠨ ᠳᠡᠭᠡᠨ ᠲᠣᠭᠲᠠᠪᠤᠷᠢᠲᠠᠶ ᠪᠠᠶᠢᠯᠭᠠᠨ᠂ ᠬᠥᠷᠥᠰᠥ ᠰᠢᠷᠣᠶ ᠶᠢᠨ ᠶᠠᠰᠤ ᠴᠢᠨᠠᠷ ᠢ ᠮᠠᠭᠤᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠣᠯᠣᠨ᠎ᠠ᠃ ᠲᠠᠷᠢᠶᠠᠨ ᠭᠠᠵᠠᠷ ᠢᠯᠠᠩᠭᠤᠶ᠎ᠠ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠳᠤ ᠨᠢ᠂ ᠲᠠᠷᠢᠶᠠᠯᠠᠭ᠎ᠠ ᠶᠢᠨ ᠬᠥᠷᠥᠰᠥ ᠰᠢᠷᠣᠶ ᠶᠢ ᠰᠠᠯᠭᠠᠨ ᠲᠠᠬᠢᠨ ᠠᠰᠢᠭᠯᠠᠬᠤ ᠲᠦᠷᠢᠮ ᠢ ᠬᠡᠷᠡᠭᠵᠢᠭᠦᠯᠬᠦ ᠪᠥᠭᠡᠳ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠰᠠᠶᠢᠵᠢᠷᠠᠭᠤᠯᠤᠭᠰᠠᠨ ᠪᠠ ᠪᠣᠷᠳᠣᠭᠤᠷ ᠣᠷᠣᠭᠤᠯᠤᠭᠰᠠᠨ ᠢ ᠨᠥᠬᠦᠪᠦᠷᠢᠯᠡᠬᠦ ᠠᠵᠢᠯ ᠢ ᠥᠷᠨᠢᠭᠦᠯᠬᠦ ᠪᠣᠯᠣᠨ᠎ᠠ᠃ ᠥᠪᠥᠷ ᠮᠣᠩᠭᠤᠯ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠬᠢ ᠶᠢᠨ ᠣᠷᠣᠨ ᠢ ᠰᠦᠪᠡᠭᠴᠢᠯᠡᠨ ᠪᠠᠶᠢᠭᠤᠯᠵᠤ᠂ ᠤᠷᠢᠳᠠᠪᠠᠷ ᠨᠤᠨ ᠮᠥᠷᠡᠨ ᠤ ᠪᠠᠷᠠᠭᠤᠨ ᠡᠷᠭᠢ ᠶᠢᠨ ᠲᠠᠯ᠎ᠠ ᠭᠠᠵᠠᠷ᠂ ᠪᠠᠷᠠᠭᠤᠨ ᠯᠢᠶᠣᠤ ᠾᠧ ᠭᠤᠣᠯ ᠤᠨ ᠲᠠᠯ᠎ᠠ ᠭᠠᠵᠠᠷ᠂ ᠪᠣᠷᠣᠲᠣᠬᠤᠢ ᠶᠢᠨ ᠲᠠᠯ᠎ᠠ ᠭᠠᠵᠠᠷ ᠵᠡᠷᠭᠡ ᠣᠷᠣᠨ ᠪᠦᠰᠡ ᠳᠤ ᠨᠢᠭᠡ ᠪᠦᠯᠦᠭ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠵᠤ᠂ ᠠᠮᠤ ᠬᠦᠨᠡᠰᠦᠨ ᠤ ᠦᠢᠯᠡᠳᠪᠦᠷᠢᠯᠡᠬᠦ ᠴᠢᠳᠠᠪᠬᠢ ᠶᠢ ᠲᠠᠷᠢᠶᠠᠨ ᠭᠠᠵᠠᠷ ᠦᠵᠦᠭᠦᠷ ᠲᠤ ᠬᠦᠷᠲᠡᠯ᠎ᠡ ᠨᠠᠶᠢᠳᠠᠪᠤᠷᠢᠵᠢᠭᠤᠯᠬᠤ ᠪᠣᠯᠣᠨ᠎ᠠ᠃ ᠤᠨᠠᠯᠲᠠ ᠥᠨᠳᠥᠷ ᠦᠷ᠎ᠡ ᠪᠦᠲᠦᠭᠡᠯ ᠰᠠᠶᠢᠲᠠᠶ ᠠᠮᠤ ᠪᠤᠳᠠᠭᠠᠨ ᠤ ᠲᠠᠷᠢᠶᠠᠨ ᠭᠠᠵᠠᠷ ᠢ ᠡᠭᠦᠳᠦᠨ ᠪᠠᠶᠢᠭᠤᠯᠬᠤ ᠪᠠ ᠪᠤᠬᠢᠷᠳᠣᠯ ᠦᠬᠡᠢ ᠤᠨᠠᠯᠲᠠ ᠨᠡᠮᠡᠭᠳᠡᠭᠦᠯᠬᠦ ᠬᠡᠪ ᠵᠠᠭᠪᠤᠷ ᠤᠨ ᠪᠠᠬᠢᠯᠡᠯᠲᠡ ᠰᠢᠪᠲᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠤᠯᠣᠨ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠲᠠᠴᠢᠷᠳᠠᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ᠂ ᠪᠣᠬᠢᠷᠲᠤᠭᠰᠠᠨ ᠲᠠᠷᠢᠶᠠᠨ ᠭᠠᠵᠠᠷ ᠢ ᠬᠤᠷᠢᠭᠯᠠᠨ ᠬᠢᠵᠠᠭᠠᠷᠯᠠᠵᠤ ᠪᠠᠶᠢᠭᠠᠳ ᠵᠠᠰᠠᠬᠤ᠂ ᠬᠥᠷᠥᠰᠥ ᠰᠢᠷᠣᠶ ᠶᠢᠨ ᠥᠩ ᠰᠢᠮ᠎ᠡ ᠶᠢ ᠬᠠᠮᠠᠭᠠᠯᠠᠨ ᠳᠡᠭᠡᠭᠰᠢᠯᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠵᠡᠷᠭᠡ ᠠᠵᠢᠯ ᠢ ᠥᠷᠨᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠰᠢᠷᠣᠶ ᠶᠢ ᠬᠠᠮᠠᠭᠠᠯᠠᠵᠤ ᠠᠰᠢᠭᠯᠠᠬᠤ ᠪᠠ ᠬᠦᠨᠳᠦ ᠲᠡᠮᠦᠷᠯᠢᠭ ᠲᠤ ᠪᠣᠬᠢᠷᠲᠤᠭᠰᠠᠨ ᠲᠠᠷᠢᠶᠠᠨ ᠭᠠᠵᠠᠷ ᠢ ᠵᠠᠰᠠᠬᠤ ᠲᠤᠷᠰᠢᠯᠲᠠ ᠬᠢᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号