ᠥᠪᠥᠷ ᠮᠣᠩᠭᠤᠯ ᠡᠨᠡ ᠵᠢᠯ ᠵᠢᠭᠤᠯᠴᠢᠯᠠᠯ ᠤᠨ ᠵᠣᠷᠯᠣᠩ ᠢ ᠮᠢᠩᠭ᠎ᠠ ᠭᠠᠷᠤᠶ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/3/30
            ᠡᠨᠡ ᠵᠢᠯ ᠥᠪᠡᠷᠲᠡᠭᠡᠨ ᠵᠠᠰᠠᠬᠤ ᠣᠷᠣᠨ ᠵᠤᠷᠯᠤᠩ ᠤᠨ ᠬᠤᠪᠢᠰᠬᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠵᠤᠷᠯᠤᠩ ᠤᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ1000 ᠰᠠᠭᠤᠷᠢ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠵᠤ᠂ ᠮᠠᠨ ᠤ ᠣᠷᠣᠨ ᠤ ᠵᠢᠭᠤᠯᠴᠢᠯᠠᠯ ᠤᠨ ᠦᠵᠡᠮᠵᠢᠲᠦ ᠣᠷᠣᠨ ᠤ ᠬᠦᠯᠢᠶᠡᠨ ᠠᠪᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 2015 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠵᠣᠷᠯᠣᠩ ᠤᠨ ᠬᠤᠪᠢᠰᠬᠠᠯ ᠤᠨ ᠠᠵᠢᠯ ᠮᠠᠰᠢ ᠶᠡᠭᠡ ᠦᠷ᠎ᠡ ᠪᠦᠲᠦᠮᠵᠢ ᠤᠯᠪᠠ᠃ ᠪᠦᠬᠦ ᠵᠢᠯ ᠳᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠮᠥᠩᠭᠦ 2400 ᠲᠦᠮᠡᠨ ᠲᠥᠭᠦᠷᠢᠭ ᠲᠤᠬᠢᠷᠠᠭᠤᠯᠵᠤ᠂ ᠡᠯ᠎ᠡ ᠲᠦᠷᠤᠯ ᠤᠨ ᠪᠡᠯᠡ ᠣᠷᠣᠭᠤᠯᠤᠯᠲᠠ ᠶᠢ 2.5 ᠳ᠋ᠦᠩᠰᠢᠭᠤᠷ ᠲᠥᠭᠦᠷᠢᠭ ᠲᠠᠲᠠᠵᠤ᠂ ᠵᠢᠭᠤᠯᠴᠢᠯᠠᠯ ᠤᠨ ᠵᠣᠷᠯᠣᠩ ᠢ 772᠎ ᠶᠢ ᠰᠢᠨ᠎ᠡ ᠪᠠᠷ ᠪᠠᠶᠢᠭᠤᠯᠤᠭᠰᠠᠨ ᠪᠠ ᠦᠭᠡᠷᠡᠴᠢᠯᠡᠨ ᠪᠠᠶᠢᠭᠤᠯᠵᠤ᠂ 344ᠲᠥᠯᠥᠪᠯᠡᠭᠡᠨ ᠤ ᠡᠭᠦᠷᠭᠡ ᠪᠠᠨ 224%᠎ ᠪᠠᠷ ᠪᠡᠶᠡᠯᠡᠭᠦᠯᠵᠦ᠂ ᠪᠠᠶᠢᠭᠤᠯᠤᠭᠰᠠᠨ ᠲᠤᠭ᠎ᠠ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠪᠠ᠃ ᠪᠤᠭᠤᠲᠤ᠂ ᠣᠷᠳᠣᠰ᠂ ᠣᠯᠠᠭᠠᠠᠬᠠᠳ᠂ ᠰᠢᠯᠢ ᠶᠢᠨ ᠭᠤᠣᠯ ᠪᠣᠯᠤᠨ ᠬᠥᠯᠥᠨ ᠪᠤᠶᠢᠷ 5 ᠠᠶᠢᠮᠠᠭ ᠬᠤᠲᠠ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠰᠠᠶᠢᠰᠢᠶᠠᠯ ᠢ ᠤᠯᠪᠠ᠃ ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠵᠠᠰᠠᠭ ᠤᠨ ᠣᠷᠳᠣᠨ ᠢᠶᠠᠷ ᠤᠳᠤᠷᠢᠳᠤᠮᠵᠢ ᠪᠤᠯᠭᠠᠬᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠷᠤᠯᠴᠠᠬᠤ᠂ ᠠᠵᠤ ᠠᠬᠤᠶᠢᠯᠠᠯ ᠬᠡᠷᠡᠭᠵᠢᠭᠦᠯᠬᠦ᠂ ᠵᠢᠭᠤᠯᠴᠢᠯᠠᠯ ᠤᠨ ᠲᠣᠪᠴᠢᠶ᠎ᠠ ᠡᠳᠦᠷ ᠲᠤᠳᠤᠮ ᠤᠨ ᠠᠵᠢᠯ ᠢ ᠬᠠᠷᠢᠭᠤᠴᠠᠬᠤ ᠲᠤᠭᠲᠠᠴᠠ ᠶᠢ ᠰᠤᠳᠤᠯᠤᠨ ᠪᠠᠶᠢᠭᠤᠯᠵᠤ᠂ ᠵᠢᠭᠤᠯᠴᠢᠯᠠᠯ ᠤᠨ ᠵᠣᠷᠯᠣᠩ ᠤᠨ ᠪᠥᠳᠥᠭᠡᠨ ᠪᠠᠶᠢᠭᠤᠯᠤᠯᠲᠠ ᠶᠢᠨ ᠬᠡᠪᠴᠢᠶ᠎ᠡ ᠶᠢ ᠦᠷᠭᠡᠳᠬᠡᠵᠦ᠂ ᠵᠣᠷᠯᠣᠩ ᠤᠨ ᠬᠤᠪᠢᠰᠬᠠᠯ ᠢ ᠵᠢᠭᠤᠯᠴᠢᠯᠠᠯ ᠤᠨ ᠦᠵᠡᠮᠵᠢᠲᠦ ᠣᠷᠣᠨ ᠠᠴᠠ ᠨᠢ ᠵᠠᠮ ᠳᠠᠭᠠᠤ ᠣᠷᠣᠨ᠂ ᠬᠤᠲᠠ ᠪᠠᠯᠭᠠᠰᠤ᠂ ᠬᠥᠳᠡᠭᠡ ᠲᠣᠰᠬᠤᠨ ᠵᠢᠴᠢ ᠮᠠᠰᠢᠨ ᠲᠡᠷᠭᠡᠨ ᠥᠷᠲᠡᠭᠡ᠂ ᠭᠠᠯᠲᠤ ᠲᠡᠷᠭᠡᠨ ᠤ ᠦᠷᠳᠡᠭᠡ᠂ ᠲᠣᠰᠣ ᠨᠡᠮᠡᠬᠦ ᠥᠷᠲᠡᠭᠡ ᠵᠡᠷᠭᠡ ᠴᠢᠬᠤᠯᠠ ᠵᠠᠩᠭᠢᠯᠠᠭ᠎ᠠ ᠶᠢᠨ ᠴᠢᠭ᠋ ᠬᠦᠷᠲᠡᠯ᠎ᠡ ᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠣᠷᠯᠣᠩ ᠤᠨ ᠵᠡᠷᠭᠡ ᠳᠡᠰ ᠢ ᠥᠰᠬᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠪᠤᠯᠪᠠᠰᠤᠨ ᠢ ᠳᠡᠭᠡᠭᠰᠢᠯᠡᠭᠦᠯᠬᠦ ᠲᠤᠰᠠᠯᠠᠬᠤ ᠬᠦᠴᠦᠨ ᠪᠤᠯᠭᠠᠨ᠎ᠠ᠃ ᠡᠭᠦᠨ ᠠᠴᠠ ᠭᠠᠳᠠᠨ᠎ᠠ᠂ ᠮᠠᠨ ᠤ ᠣᠷᠣᠨ ᠪᠠᠰᠠ ᠬᠤᠳᠠᠯᠳᠤᠭ᠎ᠠ ᠪᠠᠷ ᠵᠣᠷᠯᠣᠩ ᠪᠠᠶᠢᠭᠤᠯᠬᠤ᠂ ᠬᠤᠳᠠᠯᠳᠤᠭ᠎ᠠ ᠪᠠᠷ ᠵᠣᠷᠯᠣᠩ ᠢ ᠬᠠᠮᠢᠶᠠᠷᠠᠭᠤᠯᠬᠤ᠂ ᠬᠤᠳᠠᠯᠳᠤᠭ᠎ᠠ ᠪᠠᠷ ᠵᠣᠷᠯᠣᠩ ᠢ ᠬᠠᠮᠠᠭᠠᠯᠠᠬᠤ ᠵᠣᠷᠯᠣᠩ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠣᠷᠯᠣᠩ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠣᠷᠯᠣᠩ ᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠡᠯ᠎ᠡ ᠠᠶᠢᠮᠠᠭ ᠬᠤᠳᠠ PPP ᠵᠡᠷᠭᠡ ᠵᠠᠭᠪᠤᠷ ᠢᠶᠠᠷ ᠳᠠᠮᠵᠢᠭᠤᠯᠤᠨ ᠨᠡᠶᠢᠭᠡᠮ ᠤᠨ ᠬᠦᠷᠦᠩᠭᠡ ᠶᠢ ᠲᠠᠲᠠᠨ ᠵᠣᠷᠯᠣᠩ ᠤᠨ ᠪᠥᠳᠥᠭᠡᠨ ᠪᠠᠶᠢᠭᠤᠯᠤᠯᠲᠠ ᠪᠤᠯᠤᠨ ᠬᠠᠮᠢᠶᠠᠷᠤᠯᠲᠠ ᠶᠢᠨ ᠠᠵᠢᠯ ᠳᠤ ᠤᠷᠤᠯᠴᠠᠭᠤᠯᠬᠤ ᠶᠢ ᠲᠦᠯᠬᠢᠨ ᠠᠬᠢᠭᠤᠯᠵᠤ᠂ ᠵᠣᠷᠯᠣᠩ ᠤᠨ ᠬᠠᠮᠢᠶᠠᠷᠤᠯᠲᠠ ᠶᠢ ᠨᠡᠷᠡᠳᠥ ᠲᠡᠮᠳᠡᠭᠴᠢᠯᠡᠬᠦ᠂ ᠵᠠᠬ᠎ᠠ ᠳᠡᠯᠭᠡᠭᠦᠷᠴᠢᠯᠡᠨ ᠡᠵᠡᠩᠨᠡᠬᠦ ᠦᠢᠯᠡᠳᠦᠯᠭᠡ ᠶᠢ ᠦᠷᠨᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号