2016 ᠣᠨ ᠳᠤ ᠲᠤᠰ ᠲᠣᠪᠴᠢᠶ᠎ᠠ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ | ᠭᠠᠵᠠᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ᠂ ᠬᠤᠲᠠ ᠶᠢᠨ ︽ | ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠷᠪᠠᠨ ᠮᠢᠨᠦ᠋ᠲ ᠤᠨ ᠬᠦᠷᠢᠶ᠎ᠠ︾ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠰᠤᠮᠤ ᠰᠢᠶᠠᠩ ᠪᠠᠯᠭᠠᠰᠤᠨ ᠤ 30 ᠪᠠᠭ᠎ᠠ ᠬᠡᠯᠪᠡᠷᠢ ᠶᠢᠨ ᠪᠡᠶ᠎ᠡ ᠶᠢᠨ ᠲᠠᠮᠢᠷ ᠤᠨ ᠪᠡᠶ᠎ᠡ | ᠪᠣᠯᠪᠠᠰᠤᠷᠠᠭᠤᠯᠬᠤ ᠲᠥᠪ᠂ ᠬᠤᠳᠠ ᠶᠢᠨ ᠨᠡᠶᠢᠭᠡᠮ ᠲᠣᠭᠤᠷᠢᠭ ᠤᠨ 80 ᠠᠷᠠᠳ ᠨᠡᠶᠢᠲᠡ ᠶᠢᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠬᠦᠳᠡᠯᠭᠡᠭᠡᠨᠦᠦᠷᠲᠡᠭᠡ ᠴᠢᠬ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ 1060 ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠦᠳᠡᠯᠭᠡᠭᠡᠨ ᠤ ᠦᠷᠲᠡᠭᠡ ᠴᠢᠬ᠂ | 135 ᠰᠢᠩᠭᠡᠯᠢᠭ ᠮᠠᠶ᠋ᠢᠭ ᠤᠨ ᠬᠥᠯ ᠪᠥᠮᠪᠥᠭᠡᠨ ᠤ ᠲᠠᠯᠠᠪᠤᠷ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ | ᠭᠠᠴᠠᠭ᠎ᠠ ᠲᠣᠰᠬᠤᠨ ᠬᠦᠳᠡᠯᠭᠡᠭᠡᠨ ᠤ ᠦᠷᠲᠡᠭᠡ ᠴᠢᠬ ᠤᠨ ᠪᠦᠷᠢᠨ ᠪᠦᠷᠬᠦᠯᠲᠡ ᠶᠢ ᠪᠡᠶᠡᠯᠡᠭᠦᠯᠬᠦ ᠪᠠᠷ ᠪᠠᠶᠢᠨ᠎ᠠ᠃ | ᠣᠶᠢᠯᠠᠭᠠᠭᠰᠠᠨ ᠢᠶᠠᠷ᠂ 2016 ᠣᠨ ᠳᠤ ᠮᠠᠨ ᠤ ᠣᠷᠣᠨ ᠡᠯ᠎ᠡ ᠲᠦᠷᠦᠯ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ 1991 ᠵᠦᠢᠯ ᠤᠨ ᠬᠦᠳᠡᠯᠭᠡᠭᠡᠨ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠡᠭᠦᠨ ᠤ | ᠳᠣᠲᠣᠷ᠎ᠠ᠂ ᠲᠡᠷᠭᠡ᠂ ᠮᠣᠷᠢ᠂ ᠬᠥᠯ ᠪᠥᠮᠪᠦᠭᠡ᠂ ᠮᠥᠰᠥ ᠴᠠᠰᠤ ᠪᠠ ᠨᠠᠭᠠᠳᠤᠮ ᠨᠠᠶᠢᠷ ᠵᠡᠷᠭᠡ ᠦᠨᠳᠦᠰᠦᠲᠡᠨ ᠤ | ᠣᠨᠴᠠᠯᠢᠭ᠂ ᠣᠷᠣᠨ ᠨᠤᠲᠤᠭ ᠤᠨ ᠣᠨᠴᠠᠯᠢᠭ ᠲᠠᠢ ᠨᠡᠷᠡᠲᠦ ᠤᠷᠤᠯᠳᠤᠭᠠᠨ ᠪᠠ ᠬᠦᠳᠡᠯᠭᠡᠭᠡᠨ ᠢ ᠭᠤᠣᠯᠳᠠᠯᠭ᠎ᠠ ᠲᠠᠢ | ᠶᠠᠪᠤᠭᠤᠯᠵᠤ᠂ ᠠᠯᠢᠪᠠ ᠪᠦᠬᠦᠨ ᠳᠤ ᠬᠡᠪ ᠳᠠᠭᠤᠷᠢᠶᠠᠯ ᠲᠠᠢ᠂ ᠵᠦᠢᠯ ᠪᠦᠷᠢ ᠳᠤ ᠦᠯᠢᠭᠡᠷ ᠵᠢᠱᠢᠶ᠎ᠠ ᠲᠠᠢ᠂ ᠣᠯᠠᠨ | ᠳᠤ ᠪᠠᠨ ᠴᠣᠣᠲᠠᠢ᠂ ᠬᠦᠷᠦᠨ ᠳᠤ ᠪᠠᠨ ᠨᠡᠷᠡᠲᠡᠢ ᠪᠣᠯᠭᠠᠬᠤ ᠶᠢ ᠪᠡᠶᠡᠯᠡᠭᠦᠯᠦᠨ᠎ᠡ᠃ ᠬᠦᠳᠡᠭᠡ ᠨᠤᠲᠤᠭ ᠤᠨ ᠬᠤᠸᠠᠷᠠᠨ᠂ | ᠶᠠᠪᠠᠭᠠᠨ ᠬᠦᠮᠦᠰ ᠪᠣᠯᠤᠨ ᠳᠤᠭᠤᠶ ᠤᠨᠤᠭᠴᠢᠳ ᠲᠤ ᠦᠢᠯᠡᠴᠢᠯᠡᠬᠦ ᠦᠷᠳᠡᠭᠡ᠂ ᠮᠠᠰᠢᠨ ᠲᠡᠷᠭᠡᠨ ᠤ ᠬᠡᠭᠡᠷᠯᠡᠨ | ᠪᠠᠭᠤᠳᠠᠯᠯᠠᠬᠤ ᠬᠤᠸᠠᠷᠠᠨ᠂ ᠮᠥᠰᠥ ᠴᠠᠰᠤᠨ ᠤ ᠲᠠᠮᠢᠷ ᠤᠨ ᠲᠠᠯᠠᠪᠠᠶ ᠵᠡᠷᠭᠡ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠥᠲᠥᠯᠥᠨ ᠵᠢᠯᠤᠭᠤᠳᠴᠦ ᠬᠦᠭᠵᠢᠭᠦᠯᠦᠨ᠎ᠡ᠃ | ᠵᠢᠯ ᠤᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠠᠴᠠ ︽ᠪᠠᠶᠠᠰᠬᠤᠯᠠᠩᠲᠤ | ᠲᠠᠯ᠎ᠠ ᠨᠤᠲᠤᠭ︾ ᠭᠡᠯᠮᠡᠬᠦ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠡᠭᠡ ᠨᠠᠶᠢᠷ᠂ ᠪᠦᠬᠦ | ᠤᠯᠤᠰ ᠤᠨ ᠳᠠᠯᠠᠨ ᠬᠠᠷ᠎ᠠ ᠠᠭᠤᠯᠠ ᠶᠢ ᠠᠪᠠᠷᠢᠬᠤ ᠤᠷᠤᠯᠳᠤᠭᠠᠨ ᠨᠤᠭᠤᠳ᠂ ᠲᠠᠯ᠎ᠠ ᠨᠤᠲᠤᠭ ᠤᠨ ᠰᠡᠯᠡᠭᠦᠴᠡᠯ ᠤᠨ | ᠪᠡᠶ᠎ᠡ ᠶᠢᠨ ᠲᠠᠮᠢᠷ ᠤᠨ ᠶᠡᠭᠡ ᠨᠠᠶᠢᠷ᠂ ᠳᠣᠯᠣᠨᠨᠠᠭᠤᠷ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ | ᠬᠥᠳᠡᠯᠭᠡᠭᠡᠨ ᠢ ᠵᠣᠬᠢᠶᠠᠨ ᠪᠠᠶᠢᠭᠤᠯᠤᠨ ᠦᠷᠨᠢᠭᠦᠯᠵᠤ᠂ ︽ᠨᠠᠢᠮᠠᠨ ᠮᠢᠩᠭᠠᠨ ᠭᠠᠵᠠᠷ ᠤᠨ ᠡᠭᠦᠯᠡ ᠪᠠ ᠰᠠᠷ᠎ᠠ︾ | ᠭᠡᠯᠮᠡᠬᠦ ᠥᠪᠥᠷ ᠮᠣᠩᠭᠤᠯ ᠢ ᠲᠤᠭᠤᠯᠬᠤ ᠮᠠᠰᠢᠨ ᠲᠡᠷᠭᠡᠨ ᠤ ᠤᠷᠤᠯᠳᠤᠭᠠᠨ ᠤ ᠨᠡᠷᠡᠲᠦ ᠲᠡᠮᠲᠡᠭᠲᠦ ᠶᠢ ᠪᠠᠶᠢᠭᠤᠯᠤᠨ᠂ | ︽ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠠᠷᠢᠯᠴᠠᠭᠠᠨ ᠤ ᠲᠠᠩᠬᠢᠮ︾ ᠪᠠ ︽ᠰᠢᠨᠵᠢᠯᠡᠬᠦ | ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾ ᠵᠡᠷᠭᠡ ᠠᠷᠠᠳ | ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠳᠡᠯᠭᠡᠭᠡᠨ ᠢ | ᠦᠷᠨᠢᠭᠦᠯᠦᠨ᠎ᠡ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠣᠷ ᠰᠦᠯᠵᠢᠶᠡᠨ ᠤ | ᠪᠥᠳᠥᠭᠡᠨ ᠪᠠᠶᠢᠭᠤᠯᠤᠯᠲᠠ ᠶᠢ ᠡᠷᠴᠢᠮᠯᠡᠨ ᠠᠬᠢᠭᠤᠯᠤᠨ᠎ᠠ᠃ ᠪᠥᠬᠦ ᠣᠷᠣᠨ ᠤ ᠴᠢᠨᠠᠷᠲᠠᠶ ᠪᠡᠶ᠎ᠡ ᠶᠢᠨ ᠲᠠᠮᠢᠷ ᠤᠨ | ᠨᠡᠶᠢᠭᠡᠮᠯᠢᠭ ᠢ ᠦᠨᠡᠯᠡᠨ ᠵᠢᠱᠢᠬᠦ ᠪᠠᠷᠢᠮᠵᠢᠶ᠎ᠠ ᠶᠢ ᠲᠤᠷᠰᠢᠨ ᠬᠡᠷᠡᠭᠵᠢᠭᠦᠯᠵᠦ᠂ ᠪᠥᠬᠦ ᠣᠷᠣᠨ ᠤ ᠴᠢᠨᠠᠷᠲᠠᠶ ᠪᠡᠶ᠎ᠡ ᠶᠢᠨ | ᠲᠠᠮᠢᠷ ᠤᠨ ᠨᠡᠶᠢᠭᠡᠮᠯᠢᠭ ᠲᠤ ᠲᠥᠷᠥᠯ ᠬᠤᠪᠢᠶᠠᠨ ᠦᠭᠡᠷᠡᠴᠢᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠠᠵᠢᠯ | ᠲᠦᠷᠦᠯ ᠤᠯᠠᠨ ᠨᠡᠶᠢᠭᠡᠮᠯᠢᠭ ᠲᠠᠢ ᠪᠠᠶᠢᠬᠤ︾ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠤᠯᠠᠨ ᠲᠦᠮᠡᠨ ᠤ | ᠪᠡᠶ᠎ᠡ ᠶᠢᠨ ᠲᠠᠮᠢᠷ ᠤᠨ ᠦᠢᠯᠡᠰ ᠢ ᠪᠣᠵᠠᠭᠠᠶᠢᠷᠠᠭᠤᠯᠤᠨ ᠰᠠᠶᠢᠵᠢᠷᠠᠭᠤᠯᠬᠤ ᠪᠠᠷ ᠴᠢᠷᠮᠠᠶᠢᠨ᠎ᠠ᠃ ᠤᠳᠦᠠ ᠲᠡᠰ ᠤᠨ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠨ᠂ ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ | ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠲᠥᠷᠥᠯ ᠤᠨ ᠬᠦᠮᠦᠰ ᠤᠨ ᠰᠢᠨᠵᠢᠯᠡᠬᠦ | ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠬᠤ ᠵᠢᠯᠤᠭᠤᠳᠤᠯᠭ᠎ᠠ ᠪᠠᠨ ᠴᠢᠩᠭᠠᠳᠬᠠᠨ᠂ ᠤᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠳᠤ | ᠢᠳᠡᠪᠬᠢᠲᠡᠶ ᠣᠷᠤᠯᠴᠠᠭᠤᠯᠵᠤ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ |