ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2016/3/30

      ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ
                           

                                    217 ᠳ᠋ᠤᠭᠠᠷ ᠲᠤᠭᠠᠳᠤ

   

     ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠢ 2015 ᠣᠨ ᠤ 11 ᠳ᠋ᠤᠭᠡᠷ ᠰᠠᠷ᠎ᠠ ᠶᠢᠨ 24 ᠤ ᠡᠳᠦᠷ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

                         

                         ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ     ᠪᠠᠭᠠᠲᠤᠷ
                             2015 ᠣᠨ ᠤ 12 ᠳ᠋ᠤᠭᠠᠷ ᠰᠠᠷ᠎ᠠ ᠶᠢᠨ 1 ᠤ ᠡᠳᠦᠷ

   

     ᠨᠢᠭᠡᠳᠦᠭᠡᠷ ᠵᠦᠢᠯ   ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠰᠢᠯᠵᠢᠭᠦᠯᠦᠨ ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠶᠢ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ   ᠲᠤᠰ ᠠᠷᠭ᠎ᠠ ᠨᠢ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠳᠤ ᠬᠡᠷᠡᠭᠯᠡᠭᠳᠡᠨ᠎ᠡ᠃      ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠭᠡᠳᠡᠭ ᠨᠢ ᠴᠢᠬᠤᠯᠠ ᠶᠡᠭᠡ ᠠᠵᠢᠯᠯᠠᠭ᠎ᠠ ᠳᠤᠮᠳᠠ ᠰᠢᠭᠤᠳ ᠪᠣᠢ ᠪᠣᠯᠣᠭᠰᠠᠨ ᠤᠯᠤᠰ ᠪᠠ ᠨᠡᠶᠢᠭᠡᠮ ᠳᠤ ᠠᠪᠴᠤ ᠬᠡᠯᠡᠪᠡᠯ ᠬᠠᠳᠠᠭᠠᠯᠠᠬᠤ ᠦᠨ᠎ᠡ ᠥᠷᠲᠡᠭ ᠲᠠᠢ ᠦᠰᠦᠭ ᠪᠢᠴᠢᠭ᠂ ᠵᠢᠷᠤᠭ ᠬᠦᠰᠦᠨᠦᠭᠲᠦ᠂ ᠳᠠᠭᠤ ᠳᠥᠷᠰᠦ᠂ ᠡᠯᠧᠺᠲᠷᠣᠨ ᠪᠢᠴᠢᠭ ᠮᠠᠲ᠋ᠧᠷᠢᠶᠠᠯ᠂ ᠪᠤᠳᠠᠳᠤ ᠶᠠᠭᠤᠮ᠎ᠠ ᠵᠡᠷᠭᠡ ᠠᠳᠠᠯᠢ ᠪᠤᠰᠤ ᠬᠡᠯᠪᠡᠷᠢ ᠪᠣᠯᠣᠨ ᠠᠴᠢᠶᠠᠯᠠᠪᠤᠷᠢ ᠶᠢᠨ ᠲᠡᠦᠬᠡ ᠶᠢᠨ ᠲᠡᠮᠲᠡᠭᠯᠡᠯ ᠢ ᠵᠢᠭᠠᠵᠤ ᠪᠣᠢ᠃
     ᠳᠥᠷᠪᠡᠳᠦᠭᠡᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠴᠢᠬᠤᠯᠠ ᠶᠡᠭᠡ ᠠᠵᠢᠯᠯᠠᠭ᠎ᠠ ᠭᠡᠳᠡᠭ ᠨᠢ ᠳᠤᠤᠷᠠᠬᠢ ᠠᠵᠢᠯᠯᠠᠭ᠎ᠠ ᠶᠢ ᠵᠢᠭᠠᠵᠤ ᠪᠣᠢ᠄
     ︵ᠨᠢᠭᠡ︶ ᠦᠪᠡᠷᠲᠡᠭᠡᠨ ᠵᠠᠰᠠᠬᠤ ᠣᠷᠣᠨ ᠳᠤ ᠬᠤᠷᠠᠯᠳᠤᠭᠤᠯᠤᠭᠰᠠᠨ ᠤᠯᠤᠰ ᠤᠨ ᠳᠡᠰ ᠤᠨ ᠴᠢᠬᠤᠯᠠ ᠬᠤᠷᠠᠯ︔
     ︵ᠬᠤᠶᠠᠷ︶ ᠨᠠᠮ ᠪᠠ ᠲᠥᠷᠥ ᠶᠢᠨ ᠤᠳᠤᠷᠢᠳᠤᠯᠭ᠎ᠠ ᠨᠠᠷ ᠤᠨ ᠦᠪᠡᠷᠲᠡᠭᠡᠨ ᠵᠠᠰᠠᠬᠤ ᠣᠷᠣᠨ ᠤ ᠲᠤᠳᠤᠷᠠᠬᠢ ᠠᠯᠪᠠᠨ ᠶᠠᠪᠤᠳᠠᠯ ᠤᠨ ᠠᠵᠢᠯᠯᠠᠭ᠎ᠠ︔
     ︵ᠭᠤᠷᠪᠠ︶ ᠭᠠᠳᠠᠭᠠᠲᠤ ᠤᠯᠤᠰ ᠤᠨ ᠲᠡᠷᠢᠭᠦᠨ᠂ ᠵᠠᠰᠠᠭ ᠤᠨ ᠣᠷᠳᠤᠨ ᠤ ᠲᠦᠷᠦᠬᠦᠴᠤᠳ ᠵᠡᠷᠭᠡ ᠳᠡᠭᠡᠳᠦ ᠵᠡᠷᠭᠡ ᠶᠢᠨ ᠤᠯᠤᠰ ᠲᠥᠷᠥ ᠶᠢᠨ ᠡᠲᠡᠭᠡᠳ ᠤᠨ ᠪᠠ ᠬᠢᠯᠢ ᠶᠢᠨ ᠭᠠᠳᠠᠨᠠᠬᠢ ᠨᠡᠷ᠎ᠠ ᠴᠤᠤᠳᠤ ᠬᠦᠮᠦᠰ᠂ ᠨᠦᠬᠦᠷᠰᠡᠭ ᠪᠦᠯᠬᠦᠮ ᠤᠨ ᠦᠪᠡᠷᠲᠡᠭᠡᠨ ᠵᠠᠰᠠᠬᠤ ᠣᠷᠣᠨ ᠳᠠᠬᠢ ᠪᠠᠶᠢᠴᠠᠭᠠᠬᠤ᠂ ᠠᠶᠢᠯᠴᠢᠯᠠᠬᠤ ᠵᠡᠷᠭᠡ ᠴᠢᠬᠤᠯᠠ ᠭᠠᠳᠠᠭᠠᠲᠤ ᠶᠠᠪᠤᠳᠠᠯ ᠤᠨ ᠠᠵᠢᠯᠯᠠᠭ᠎ᠠ︔
     ︵ᠳᠥᠷᠪᠡ︶ ᠦᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠤᠨ᠂ ᠤᠯᠤᠰ ᠲᠥᠷᠥ ᠶᠢᠨ ᠵᠦᠪᠯᠡᠯᠭᠡᠨ ᠤ ᠬᠤᠷᠠᠯᠳᠤᠭᠤᠯᠤᠭᠰᠠᠨ ᠴᠢᠬᠤᠯᠠ ᠬᠤᠷᠠᠯ︔
     ︵ᠲᠠᠪᠤ︶ ᠳᠡᠭᠡᠳᠦ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠦᠪᠯᠡᠯᠭᠡᠨ ᠤ ᠭᠤᠣᠯ ᠬᠠᠷᠢᠭᠤᠴᠠᠯᠭᠠᠲᠠᠨ ᠵᠢᠴᠢ ᠠᠯᠳᠠᠷᠲᠤ ᠡᠷᠳᠡᠮᠲᠡᠨ ᠤ ᠲᠤᠰ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠤᠷᠤᠯᠴᠠᠭᠰᠠᠨ ᠴᠢᠬᠤᠯᠠ ᠬᠤᠷᠠᠯ᠂ ᠰᠢᠯᠭᠠᠨ ᠪᠠᠶᠢᠴᠠᠭᠠᠯᠲᠠ᠂ ᠪᠠᠶᠢᠴᠠᠭᠠᠯᠲᠠ ᠰᠤᠳᠤᠯᠤᠯᠲᠠ ᠪᠠ ᠠᠵᠢᠯ ᠤᠨ ᠵᠢᠯᠤᠭᠤᠳᠤᠯᠭ᠎ᠠ ᠵᠡᠷᠭᠡ ᠠᠵᠢᠯᠯᠠᠭ᠎ᠠ︔
     ︵ᠵᠢᠷᠭᠤᠭ᠎ᠠ︶ ᠦᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠦᠪᠯᠡᠯᠭᠡᠨ ᠤ ᠭᠤᠣᠯ ᠬᠠᠷᠢᠭᠤᠴᠠᠯᠭᠠᠲᠠᠨ ᠭᠠᠳᠠᠭᠠᠲᠤ ᠳᠤ ᠭᠠᠷᠴᠤ ᠠᠶᠢᠯᠴᠢᠯᠠᠬᠰᠠᠨ᠂ ᠰᠢᠯᠭᠠᠨ ᠪᠠᠶᠢᠴᠠᠭᠠᠬᠰᠠᠨ ᠵᠡᠷᠭᠡ ᠭᠠᠳᠠᠭᠠᠲᠤ ᠶᠠᠪᠤᠳᠠᠯ ᠤᠨ ᠠᠯᠪᠠᠨ ᠶᠠᠪᠤᠳᠠᠯ ᠤᠨ ᠠᠵᠢᠯᠯᠠᠭ᠎ᠠ︔
     ︵ᠳᠤᠯᠤᠭ᠎ᠠ︶ ᠲᠤᠰ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠡᠷᠬᠢᠯᠡᠭᠰᠡᠨ ᠪᠣᠶᠣ ᠳᠠᠭᠠᠭᠠᠨ ᠠᠪᠴᠤ ᠭᠦᠢᠴᠡᠳᠭᠡᠭᠰᠡᠨ ᠠᠵᠤ ᠠᠬᠤᠢ᠂ ᠨᠡᠶᠢᠭᠡᠮ᠂ ᠰᠤᠶᠤᠯ᠂ ᠪᠡᠶ᠎ᠡ ᠶᠢᠨ ᠲᠠᠮᠢᠷ᠂ ᠦᠨᠳᠦᠰᠦᠲᠡᠨ᠂ ᠱᠠᠰᠢᠨ ᠰᠤᠷᠲᠠᠬᠤᠨ ᠤ ᠴᠢᠬᠤᠯᠠ ᠶᠡᠭᠡ ᠠᠵᠢᠯᠯᠠᠭ᠎ᠠ︔
     ︵ᠨᠠᠢᠮᠠ︶ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠬᠦᠨᠳᠦ ᠬᠡᠴᠡᠭᠦᠦ ᠪᠠᠶᠢᠭᠠᠯᠢ ᠶᠢᠨ ᠭᠠᠢ ᠭᠠᠮᠰᠢᠭ ᠪᠠ ᠴᠢᠬᠤᠯᠠ ᠶᠡᠭᠡ ᠬᠠᠷᠢᠭᠤᠴᠠᠯᠭ᠎ᠠ ᠶᠢᠨ ᠠᠳᠡᠯ ᠢ ᠲᠥᠷᠭᠡᠨ ᠠᠪᠤᠷᠠᠵᠤ ᠰᠢᠢᠳᠪᠦᠷᠢᠯᠡᠭᠰᠡᠨ ᠠᠵᠢᠯᠯᠠᠭ᠎ᠠ︔
     ︵ᠶᠢᠰᠦ︶ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠪᠤᠰᠤᠳ ᠴᠢᠬᠤᠯᠠ ᠶᠡᠭᠡ ᠨᠦᠯᠦᠭᠡ ᠲᠠᠢ ᠠᠵᠢᠯᠯᠠᠭ᠎ᠠ᠃

     ᠲᠠᠪᠤᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠨᠢ ᠨᠢᠭᠡᠲᠦᠯᠲᠡᠢ ᠵᠣᠬᠢᠴᠠᠭᠤᠯᠬᠤ᠂ ᠰᠢᠮᠳᠠᠭᠤᠯᠤᠨ ᠵᠢᠯᠤᠭᠤᠳᠬᠤ ᠶᠢ ᠴᠢᠩᠭᠠᠳᠬᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠲᠦᠪᠯᠡᠷᠡᠭᠦᠯᠦᠨ ᠬᠠᠮᠢᠶᠠᠷᠬᠤ᠂ ᠪᠦᠲᠦᠮᠵᠢᠲᠡᠢ ᠠᠰᠢᠭᠯᠠᠬᠤ ᠵᠠᠷᠴᠢᠮ ᠢ ᠵᠢᠷᠤᠮᠯᠠᠬᠤ ᠬᠡᠷᠡᠭᠲᠡᠢ᠃
     ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠴᠢᠬᠤᠯᠠ ᠶᠡᠭᠡ ᠠᠵᠢᠯᠯᠠᠭ᠎ᠠ ᠳᠤ ᠣᠷᠤᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠪᠠᠲᠤᠯᠠᠬᠤ ᠬᠡᠷᠡᠭᠲᠡᠢ᠃
     ᠳᠤᠯᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠳᠤ ᠬᠢᠨᠠᠯᠲᠠ ᠲᠠᠯᠪᠢᠬᠤ᠂ ᠵᠢᠯᠤᠭᠤᠳᠤᠯᠭ᠎ᠠ ᠬᠢᠬᠦ ᠠᠵᠢᠯ ᠢ ᠬᠠᠷᠢᠭᠤᠴᠠᠬᠤ ᠬᠡᠷᠡᠭᠲᠡᠢ᠃
     ᠨᠠᠢᠮᠠᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠡᠷᠬᠢᠯᠡᠬᠦ᠂ ᠳᠠᠭᠠᠭᠠᠨ ᠭᠦᠢᠴᠡᠳᠭᠡᠬᠦ ᠨᠢᠭᠡᠴᠡ ᠠᠴᠠ ᠴᠢᠬᠤᠯᠠ ᠶᠡᠭᠡ ᠠᠵᠢᠯᠯᠠᠭ᠎ᠠ ᠶᠢᠨ ᠬᠡᠷᠡᠭᠵᠢᠭᠦᠯᠬᠦ ᠲᠦᠯᠦᠪᠯᠡᠭᠡ ᠶᠢ ᠲᠣᠭᠲᠠᠭᠠᠬᠤ ᠳᠠᠭᠠᠨ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠲᠦᠰᠦᠯ ᠢ ᠵᠡᠷᠭᠡᠪᠡᠷ ᠲᠣᠭᠲᠠᠭᠠᠵᠤ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠬᠤ ᠰᠠᠯᠠᠭ᠎ᠠ ᠮᠦᠴᠢᠷ ᠪᠣᠯᠣᠨ ᠬᠦᠮᠦᠰ ᠢ ᠲᠤᠳᠤᠷᠬᠠᠶᠢᠯᠠᠨ᠂ ᠵᠣᠬᠢᠬᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠪᠦᠷᠢᠨ ᠪᠦᠲᠦᠨ᠂ ᠤᠨᠤᠪᠴᠢᠲᠠᠢ᠂ ᠰᠢᠰᠲ᠋ᠧᠮ ᠲᠠᠢ ᠪᠠ ᠠᠮᠦᠷ ᠲᠥᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃
     ᠶᠢᠰᠦᠳᠦᠭᠡᠷ ᠵᠦᠢᠯ   ᠴᠢᠬᠤᠯᠠ ᠶᠡᠭᠡ ᠠᠵᠢᠯᠯᠠᠭ᠎ᠠ ᠡᠷᠬᠢᠯᠡᠬᠦ᠂ ᠳᠠᠭᠠᠭᠠᠨ ᠭᠦᠢᠴᠡᠳᠭᠡᠬᠦ ᠨᠢᠭᠡᠴᠡ ᠠᠴᠠ ᠴᠢᠬᠤᠯᠠ ᠶᠡᠭᠡ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠳᠠᠩᠰᠠ ᠡᠪᠬᠡᠮᠡᠯ ᠳᠤ ᠣᠷᠤᠭᠤᠯᠬᠤ᠂ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ᠃
     ᠠᠷᠪᠠᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠡᠷᠬᠢᠯᠡᠬᠦ᠂ ᠳᠠᠭᠠᠭᠠᠨ ᠭᠦᠢᠴᠡᠳᠭᠡᠬᠦ ᠨᠢᠭᠡᠴᠡ ᠠᠴᠠ ᠤᠯᠤᠰ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠴᠢᠬᠤᠯᠠ ᠶᠡᠭᠡ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠤ ᠣᠷᠤᠭᠤᠯᠬᠤ ᠬᠡᠪᠴᠢᠶ᠎ᠡ ᠪᠣᠯᠣᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃
     ᠴᠢᠬᠤᠯᠠ ᠶᠡᠭᠡ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠤ ᠣᠷᠤᠭᠤᠯᠬᠤ ᠬᠡᠪᠴᠢᠶᠡᠨ ᠳᠤ ᠪᠠᠭᠳᠠᠬᠳᠠᠬᠤ ᠨᠢ᠄
     ︵ᠨᠢᠭᠡ︶ ᠮᠡᠳᠡᠭᠦᠯᠦᠯᠲᠡ᠂ ᠲᠦᠰᠦᠯ᠂ ᠲᠦᠯᠦᠪᠯᠡᠭᠡ᠂ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ᠂ ᠤᠳᠤᠷᠢᠳᠤᠯᠭ᠎ᠠ ᠶᠢᠨ ᠶᠠᠷᠢᠶ᠎ᠠ᠂ ᠪᠢᠴᠢᠭᠡᠰᠦ᠂ ᠲᠣᠪᠴᠢ ᠮᠡᠳᠡᠭᠡ᠂ ᠤᠬᠠᠭᠤᠯᠭ᠎ᠠ ᠶᠢᠨ ᠮᠡᠳᠡᠭᠡ᠂ ᠳ᠋ᠦᠩᠨᠡᠯᠲᠡ᠂ ᠳᠤᠷᠠᠰᠬᠠᠯ ᠤᠨ ᠲᠡᠪᠲᠡᠷ ᠵᠡᠷᠭᠡ ᠡᠯ᠎ᠡ ᠵᠦᠢᠯ ᠤᠨ ᠪᠢᠴᠢᠭᠯᠡᠭᠰᠡᠨ᠂ ᠡᠯᠧᠺᠲᠷᠣᠨ ᠪᠢᠴᠢᠭ ᠮᠠᠲ᠋ᠧᠷᠢᠶᠠᠯ︔
     ︵ᠬᠤᠶᠠᠷ︶ ᠳᠠᠭᠤ ᠰᠢᠩᠭᠡᠭᠡᠭᠰᠠᠨ ᠲᠠᠶᠢᠫ᠂ ᠳᠥᠷᠰᠦ ᠰᠢᠩᠭᠡᠭᠡᠭᠰᠡᠨ ᠲᠠᠶᠢᠫ᠂ ᠭᠡᠷᠡᠯ ᠵᠢᠷᠤᠭ᠂ ᠯᠠᠶᠢᠰᠧᠷ ᠫᠠᠨᠰᠠ᠂ ᠹᠢᠯᠢᠮ ᠵᠡᠷᠭᠡ ᠮᠠᠲ᠋ᠧᠷᠢᠶᠠᠯ︔
     ︵ᠭᠤᠷᠪᠠ︶ ᠳᠤᠷᠠᠰᠬᠠᠯ ᠤᠨ ᠦᠨ᠎ᠡ ᠴᠡᠨ᠎ᠡ ᠲᠠᠢ ᠭᠡᠷᠡᠴᠢ ᠪᠠᠷᠢᠮᠲᠠ ᠶᠢᠨ ᠴᠢᠨᠠᠷᠲᠠᠢ ᠪᠠ ᠲᠡᠮᠲᠡᠭ ᠢᠯᠡᠳᠭᠡᠯᠲᠡ ᠶᠢᠨ ᠴᠢᠨᠠᠷᠲᠠᠢ ᠪᠤᠳᠠᠳᠤ ᠶᠠᠭᠤᠮ᠎ᠠ᠂ ᠡᠭᠦᠨ ᠳᠤ ᠠᠵᠢᠯᠯᠠᠭ᠎ᠠ ᠶᠢᠨ ᠲᠡᠮᠲᠡᠭ ᠢᠯᠡᠳᠭᠡᠯᠲᠡ᠂ ᠭᠡᠷᠡᠴᠢ ᠪᠢᠴᠢᠭ᠂ ᠦᠨᠡᠮᠯᠡᠯ᠂ ᠱᠠᠩᠨᠠᠯ ᠤᠨ ᠬᠤᠨᠳᠠᠭ᠎ᠠ᠂ ᠬᠦᠬᠢᠭᠦᠯᠦᠯ ᠤᠨ ᠪᠢᠴᠢᠭ᠂ ᠮᠧᠲᠡᠯ᠂ ᠱᠠᠩᠨᠠᠯ ᠤᠨ ᠲᠤᠭ ᠵᠡᠷᠭᠡ ᠪᠠᠭᠳᠠᠨ᠎ᠠ︔
     ︵ᠳᠥᠷᠪᠡ︶ ᠪᠣᠰᠤᠳ ᠬᠠᠳᠠᠭᠠᠯᠠᠬᠤ ᠦᠨ᠎ᠡ ᠥᠷᠲᠡᠭ ᠲᠠᠢ ᠮᠠᠲ᠋ᠧᠷᠢᠶᠠᠯ ᠤᠳ᠃
     ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃
     ᠠᠷᠪᠠᠨ ᠨᠢᠭᠡᠳᠦᠭᠡᠷ ᠵᠦᠢᠯ   ᠴᠢᠬᠤᠯᠠ ᠶᠡᠭᠡ ᠠᠵᠢᠯᠯᠠᠭ᠎ᠠ ᠶᠢ ᠲᠣᠭᠲᠠᠭᠰᠠᠨ ᠰᠣᠨᠢᠨ ᠮᠡᠳᠡᠭᠡᠨ ᠤ ᠵᠠᠭᠤᠴᠢᠯᠠᠭᠤᠷ ᠠᠴᠠ ᠳᠦᠷᠰᠦ ᠰᠢᠩᠭᠡᠭᠡᠨ᠂ ᠳᠠᠭᠤ ᠰᠢᠩᠭᠡᠭᠡᠵᠦ᠂ ᠭᠡᠷᠡᠯ ᠵᠢᠷᠤᠭ ᠲᠠᠲᠠᠪᠠᠯ᠂ ᠰᠣᠨᠢᠨ ᠮᠡᠳᠡᠭᠡᠨ ᠤ ᠵᠠᠭᠤᠴᠢᠯᠠᠭᠤᠷ ᠠᠴᠠ ᠠᠵᠢᠯᠯᠠᠭ᠎ᠠ ᠳᠠᠭᠤᠰᠤᠭᠰᠠᠨ ᠡᠳᠦᠷ ᠠᠴᠠ ᠡᠬᠢᠯᠡᠨ ᠭᠤᠴᠢᠨ ᠠᠵᠢᠯᠯᠠᠬᠤ ᠡᠳᠦᠷ ᠤᠨ ᠳᠤᠲᠤᠷ᠎ᠠ ᠴᠢᠬᠤᠯᠠ ᠶᠡᠭᠡ ᠠᠵᠢᠯᠯᠠᠭ᠎ᠠ ᠡᠷᠬᠢᠯᠡᠭᠰᠡᠨ᠂ ᠳᠠᠭᠠᠭᠠᠨ ᠭᠦᠢᠴᠡᠳᠭᠡᠭᠰᠡᠨ ᠨᠢᠭᠡᠴᠡ ᠳᠤ ᠨᠢᠭᠡ ᠢᠵᠢ ᠤᠤᠯ ᠤᠨ ᠪᠣᠷᠣ ᠮᠠᠲ᠋ᠧᠷᠢᠶᠠᠯ ᠤᠨ ᠳᠠᠭᠤ ᠳᠥᠷᠰᠦ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠬᠡᠷᠡᠭᠲᠡᠢ᠃
     ᠠᠷᠪᠠᠨ ᠬᠤᠶᠠᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠷᠢᠶᠠᠯᠠᠭᠳᠠᠬᠤ ᠪᠠ ᠰᠢᠯᠵᠢᠭᠦᠯᠦᠨ ᠲᠤᠰᠢᠶᠠᠬᠤ ᠳᠤ᠄
     ︵ᠨᠢᠭᠡ︶ ᠴᠢᠬᠤᠯᠠ ᠶᠡᠭᠡ ᠠᠵᠢᠯᠯᠠᠭ᠎ᠠ ᠶᠢ ᠨᠢᠭᠡ ᠨᠢᠭᠡᠴᠡ ᠠᠴᠠ ᠡᠷᠬᠢᠯᠡᠵᠦ᠂ ᠳᠠᠭᠠᠭᠠᠨ ᠭᠦᠢᠴᠡᠳᠭᠡᠭᠰᠡᠨ ᠪᠠᠶᠢᠪᠠᠯ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠤᠰ ᠨᠢᠭᠡᠴᠡ ᠶᠢᠨ ᠳᠠᠩᠰᠠ ᠡᠪᠬᠡᠮᠡᠯ ᠤᠨ ᠪᠦᠷᠢᠨ ᠡᠪᠬᠡᠮᠡᠯ ᠳᠤ ᠣᠷᠤᠭᠤᠯᠵᠤ᠂ ᠲᠣᠭᠲᠠᠭᠠᠯ ᠶᠤᠰᠤᠭᠠᠷ ᠠᠳᠠᠯᠢ ᠱᠠᠲᠤᠨ ᠤ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ︔
     ︵ᠬᠤᠶᠠᠷ︶ ᠴᠢᠬᠤᠯᠠ ᠶᠡᠭᠡ ᠠᠵᠢᠯᠯᠠᠭ᠎ᠠ ᠶᠢ ᠬᠤᠶᠠᠷ ᠠᠴᠠ ᠳᠡᠭᠡᠭᠰᠢᠬᠢ ᠨᠢᠭᠡᠴᠡ ᠠᠴᠠ ᠬᠠᠮᠲᠤᠷᠠᠨ ᠡᠷᠬᠢᠯᠡᠵᠦ᠂ ᠳᠠᠭᠠᠭᠠᠨ ᠭᠦᠢᠴᠡᠳᠭᠡᠭᠰᠡᠨ ᠪᠠᠶᠢᠪᠠᠯ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠦᠷᠦᠭᠦᠯᠡᠬᠦ ᠨᠢᠭᠡᠴᠡ ᠶᠢᠨ ᠳᠠᠩᠰᠠ ᠡᠪᠬᠡᠮᠡᠯ ᠤᠨ ᠪᠦᠷᠢᠨ ᠡᠪᠬᠡᠮᠡᠯ ᠳᠤ ᠣᠷᠤᠭᠤᠯᠵᠤ᠂ ᠲᠣᠭᠲᠠᠭᠠᠯ ᠶᠤᠰᠤᠭᠠᠷ ᠠᠳᠠᠯᠢ ᠱᠠᠲᠤᠨ ᠤ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ︔ ᠣᠷᠣᠯᠴᠠᠭᠰᠠᠨ ᠨᠢᠭᠡᠴᠡ ᠨᠢ ᠴᠢᠬᠤᠯᠠ ᠶᠡᠭᠡ ᠠᠵᠢᠯᠯᠠᠭ᠎ᠠ ᠳᠤᠮᠳᠠ ᠪᠣᠢ ᠪᠣᠯᠣᠭᠰᠠᠨ ᠲᠤᠰ ᠨᠢᠭᠡᠴᠡ ᠶᠢᠨ ᠢᠶᠠᠨ ᠪᠢᠴᠢᠭ ᠮᠠᠲ᠋ᠧᠷᠢᠶᠠᠯ ᠢ ᠴᠠᠭ ᠲᠣᠬᠠᠢ ᠳᠤᠨᠢ ᠴᠤᠭᠯᠠᠭᠤᠯᠤᠨ ᠡᠮᠬᠢᠯᠡᠬᠦ ᠶᠢᠨ ᠬᠠᠮᠲᠤ ᠠᠵᠢᠯᠯᠠᠭ᠎ᠠ ᠳᠠᠭᠤᠰᠤᠭᠰᠠᠨ ᠡᠳᠦᠷ ᠠᠴᠠ ᠡᠬᠢᠯᠡᠨ ᠭᠤᠴᠢᠨ ᠠᠵᠢᠯᠯᠠᠬᠤ ᠡᠳᠦᠷ ᠤᠨ ᠳᠤᠲᠤᠷ᠎ᠠ ᠲᠦᠷᠦᠭᠦᠯᠡᠬᠦ ᠨᠢᠭᠡᠴᠡ ᠳᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠵᠤ᠂ ᠵᠣᠬᠢᠬᠤ ᠬᠠᠭᠤᠯᠪᠤᠷᠢ ᠮᠠᠲ᠋ᠧᠷᠢᠶᠠᠯ ᠪᠣᠶᠣ ᠪᠣᠰᠣᠳ ᠬᠡᠯᠪᠡᠷᠢ ᠶᠢᠨ ᠳᠡᠳ᠋ ᠲᠡᠪᠲᠡᠷ ᠢ ᠳᠠᠩᠰᠠ ᠡᠪᠬᠡᠮᠡᠯ ᠳᠤ ᠣᠷᠤᠭᠤᠯᠬᠤ ᠬᠡᠷᠡᠭᠲᠡᠢ︔
     ︵ᠭᠤᠷᠪᠠ︶ ᠴᠢᠬᠤᠯᠠ ᠶᠡᠭᠡ ᠠᠵᠢᠯᠯᠠᠭ᠎ᠠ ᠨᠢ ᠲᠦᠷ ᠴᠠᠭ ᠤᠨ ᠪᠠᠶᠢᠭᠤᠯᠤᠮᠵᠢ ᠲᠣᠬᠢᠷᠠᠭᠤᠯᠤᠭᠰᠠᠨ ᠪᠠᠶᠢᠪᠠᠯ᠂ ᠲᠦᠷ ᠴᠠᠭ ᠤᠨ ᠪᠠᠶᠢᠭᠤᠯᠤᠮᠵᠢ ᠠᠴᠠ ᠴᠢᠬᠤᠯᠠ ᠶᠡᠭᠡ ᠠᠵᠢᠯᠯᠠᠭ᠎ᠠ ᠳᠤᠮᠳᠠ ᠪᠣᠢ ᠪᠣᠯᠣᠭᠰᠠᠨ ᠪᠢᠴᠢᠭ ᠮᠠᠲ᠋ᠧᠷᠢᠶᠠᠯ ᠢ ᠴᠤᠭᠯᠠᠭᠤᠯᠤᠨ ᠡᠮᠬᠢᠯᠡᠬᠦ ᠶᠢ ᠬᠠᠷᠢᠭᠤᠴᠠᠬᠤ ᠶᠢᠨ ᠬᠠᠮᠲᠤ᠂ ᠴᠢᠬᠤᠯᠠ ᠶᠡᠭᠡ ᠠᠵᠢᠯᠯᠠᠭ᠎ᠠ ᠳᠠᠭᠤᠰᠤᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠤᠲᠤᠷ᠎ᠠ ᠪᠣᠶᠣ ᠲᠦᠷ ᠴᠠᠭ ᠤᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠬᠤ ᠦᠶᠡᠰ ᠲᠤ ᠠᠳᠠᠯᠢ ᠱᠠᠲᠤᠨ ᠤ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠬᠡᠷᠡᠭᠲᠡᠢ᠃
     ᠠᠷᠪᠠᠨ ᠭᠤᠷᠪᠠᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠴᠤ ᠪᠠᠶᠢᠭ᠎ᠠ ᠨᠢᠭᠡᠴᠡ ᠠᠴᠠ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠳᠠᠩᠰᠠ ᠡᠪᠬᠡᠮᠡᠯ ᠤᠨ ᠠᠮᠦᠷ ᠲᠥᠪᠰᠢᠨ ᠢ ᠦᠨᠡᠨᠬᠦ ᠪᠠᠲᠤᠯᠠᠬᠤ ᠬᠡᠷᠡᠭᠲᠡᠢ᠃
     ᠠᠷᠪᠠᠨ ᠳᠥᠷᠪᠡᠳᠦᠭᠡᠷ ᠵᠦᠢᠯ   ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠦᠮᠦᠨ ᠨᠢ ᠲᠡᠭᠦᠨ ᠳᠤ ᠬᠠᠷᠢᠶᠠᠯᠠᠭᠳᠠᠭᠰᠠᠨ᠂ ᠤᠯᠤᠰ ᠪᠠ ᠨᠡᠶᠢᠭᠡᠮ ᠳᠤ ᠠᠪᠴᠤ ᠬᠡᠯᠡᠪᠡᠯ ᠬᠠᠳᠠᠭᠠᠯᠠᠬᠤ ᠦᠨ᠎ᠡ ᠥᠷᠲᠡᠭ ᠲᠠᠢ ᠪᠣᠶᠣ ᠨᠢᠭᠤᠴᠠ ᠶᠢ ᠬᠠᠮᠠᠭᠠᠯᠠᠬᠤ ᠴᠢᠬᠤᠯᠠ ᠲᠠᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠣᠬᠢᠲᠠᠢ ᠬᠠᠳᠠᠭᠠᠯᠠᠨ ᠬᠠᠮᠢᠶᠠᠷᠴᠤ᠂ ᠤᠯᠤᠰ ᠤᠨ ᠨᠢᠭᠤᠴᠠ ᠳᠤ ᠬᠤᠯᠪᠤᠭᠳᠠᠭᠰᠠᠨ ᠢ ᠪᠤᠯ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠠᠮᠢᠶᠠᠷᠬᠤ ᠬᠡᠷᠡᠭᠲᠡᠢ᠃
     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠥᠪᠰᠢᠶᠡᠷᠡᠯ ᠦᠭᠡᠢ ᠪᠠᠷ᠂ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠠᠴᠠ ᠪᠤᠰᠤᠳ ᠶᠠᠮᠠᠷᠪᠠ ᠨᠢᠭᠡᠴᠡ ᠪᠣᠶᠣ ᠬᠤᠪᠢ ᠬᠦᠮᠦᠨ ᠳᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠪᠣᠷᠤᠯᠠᠭᠤᠯᠵᠤ᠂ ᠰᠢᠯᠵᠢᠭᠦᠯᠦᠨ ᠥᠭᠬᠦ᠂ ᠪᠡᠯᠡᠭᠯᠡᠨ ᠬᠦᠷᠭᠡᠵᠦ ᠪᠣᠯᠬᠤ ᠦᠭᠡᠢ᠂ ᠳᠤᠷ᠎ᠠ ᠪᠠᠷ ᠢᠶᠠᠨ ᠠᠪᠴᠤ ᠬᠢᠯᠢ ᠠᠴᠠ ᠭᠠᠷᠴᠤ ᠪᠣᠯᠬᠤ ᠦᠭᠡᠢ᠃
     ᠳᠡᠭᠡᠷ᠎ᠡ ᠲᠤᠷᠠᠳᠤᠬᠰᠠᠨ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠢ ᠬᠠᠳᠠᠭᠠᠯᠠᠨ ᠬᠠᠮᠢᠶᠠᠷᠬᠤ ᠨᠦᠬᠦᠴᠡᠯ ᠵᠡᠷᠭᠡ ᠪᠤᠰᠤᠳ ᠰᠢᠯᠲᠠᠭᠠᠨ ᠠᠴᠠ ᠪᠣᠯᠵᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠠᠮᠦᠷ ᠲᠥᠪᠰᠢᠨ ᠬᠠᠳᠠᠭᠠᠯᠠᠨ ᠬᠠᠮᠢᠶᠠᠷᠬᠤ ᠳᠤ ᠠᠰᠢᠭ ᠦᠭᠡᠢ ᠪᠠᠶᠢᠪᠠᠯ᠂ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠣᠷᠣᠯᠠᠨ ᠬᠠᠳᠠᠭᠠᠯᠠᠵᠤ ᠬᠠᠮᠢᠶᠠᠷᠬᠤ᠂ ᠬᠤᠳᠠᠯᠳᠤᠨ ᠠᠪᠬᠤ᠂ ᠲᠠᠲᠠᠪᠤᠷᠢᠯᠠᠨ ᠠᠪᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠳᠠᠩᠰᠠ ᠡᠪᠬᠡᠮᠡᠯ ᠤᠨ ᠪᠦᠷᠢᠨ ᠪᠦᠲᠦᠨ ᠬᠢᠭᠡᠳ ᠠᠮᠦᠷ ᠲᠥᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃
     ᠠᠷᠪᠠᠨ ᠲᠠᠪᠤᠳᠤᠭᠠᠷ ᠵᠦᠢᠯ   ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠦᠮᠦᠨ ᠢ ᠵᠤᠷᠢᠬᠵᠢᠭᠤᠯᠵᠦ ᠪᠠᠶᠢᠭᠠᠳ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠪᠡᠯᠡᠭᠯᠡᠨ ᠬᠦᠷᠭᠡᠬᠦ᠂ ᠲᠦᠷ ᠬᠠᠳᠠᠭᠠᠯᠠᠭᠤᠯᠬᠤ ᠬᠡᠷᠡᠭᠲᠡᠢ᠃ ᠪᠡᠯᠡᠭᠯᠡᠨ ᠬᠦᠷᠭᠡᠭᠴᠢ᠂ ᠲᠦᠷ ᠬᠠᠳᠠᠭᠠᠯᠠᠭᠴᠢ ᠠᠴᠠ ᠪᠡᠯᠡᠭᠯᠡᠨ ᠬᠦᠷᠭᠡᠭᠰᠡᠨ᠂ ᠲᠦᠷ ᠬᠠᠳᠠᠭᠠᠯᠠᠭᠰᠠᠨ ᠳᠠᠩᠰᠠ ᠡᠪᠬᠡᠮᠡᠯ ᠢᠶᠠᠨ ᠤᠷᠢᠳᠠᠪᠠᠷ ᠠᠰᠢᠭᠯᠠᠬᠤ ᠡᠷᠬᠡ ᠲᠠᠢ᠃
     ᠲᠦᠷ ᠬᠠᠳᠠᠭᠠᠯᠠᠵᠤ ᠪᠠᠶᠢᠭ᠎ᠠ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠠᠴᠠ ᠬᠠᠩᠭᠠᠵᠤ ᠠᠰᠢᠭᠯᠠᠬᠤ ᠳᠠᠭᠠᠨ ᠡᠷᠬᠡᠪᠰᠢ ᠲᠦᠷ ᠬᠠᠳᠠᠭᠠᠯᠠᠭᠤᠯᠤᠭᠴᠢ ᠶᠢᠨ ᠵᠥᠪᠰᠢᠶᠡᠷᠡᠯ ᠢ ᠣᠯᠬᠤ ᠬᠡᠷᠡᠭᠲᠡᠢ᠃
     ᠠᠷᠪᠠᠨ ᠵᠢᠷᠭᠤᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠶᠢ ᠡᠷᠬᠢᠯᠡᠭᠰᠡᠨ᠂ ᠳᠠᠭᠠᠭᠠᠨ ᠭᠦᠢᠴᠡᠳᠭᠡᠭᠰᠡᠨ ᠨᠢᠭᠡᠴᠡ ᠵᠢᠴᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠬᠠᠳᠠᠭᠠᠯᠠᠳᠠᠭ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠨᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠲᠤᠰᠬᠠᠢ ᠰᠡᠳᠦᠪᠲᠦ ᠭᠠᠷᠴᠠᠭ ᠢ ᠪᠠᠶᠢᠭᠤᠯᠵᠤ᠂ ᠤᠳᠤᠬᠢᠴᠢᠯᠠᠭᠰᠠᠨ ᠬᠠᠮᠢᠶᠠᠷᠤᠯᠲᠠ ᠶᠢᠨ ᠮᠡᠷᠭᠡᠵᠢᠯ ᠢ ᠠᠰᠢᠭᠯᠠᠨ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠨᠡᠭᠡᠭᠡᠨ ᠬᠥᠭᠵᠢᠭᠦᠯᠵᠦ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠢ᠃
     ᠠᠷᠪᠠᠨ ᠳᠤᠯᠤᠳᠤᠭᠠᠷ ᠵᠦᠢᠯ   ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠰᠢᠯᠵᠢᠭᠦᠯᠦᠨ ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠬᠠᠩᠭᠠᠨ ᠠᠰᠢᠭᠯᠠᠬᠤ ᠵᠡᠷᠭᠡ ᠠᠵᠢᠯ ᠤᠨ ᠳᠤᠮᠳᠠ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠣᠯᠣᠨ ᠬᠤᠪᠢ ᠬᠦᠮᠦᠨ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠪᠣᠶᠣ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠬᠦᠬᠢᠭᠦᠯᠦᠨ ᠱᠠᠩᠨᠠᠬᠤ ᠬᠡᠷᠡᠭᠲᠡᠢ᠃
     ᠠᠷᠪᠠᠨ ᠨᠠᠢᠮᠠᠳᠤᠭᠠᠷ ᠵᠦᠢᠯ   ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠢ︔ ᠬᠤᠭᠤᠴᠠᠭ᠎ᠠ ᠨᠢ ᠬᠡᠲᠦᠷᠡᠭᠡᠳ ᠦᠯᠦ ᠵᠠᠯᠠᠷᠠᠭᠤᠯᠤᠭᠰᠠᠨ ᠢ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠣᠶᠣ ᠪᠤᠰᠤᠳ ᠰᠢᠭᠤᠳ ᠬᠠᠷᠢᠭᠤᠴᠠᠯᠭᠠᠲᠠᠨ ᠳᠤ ᠰᠢᠳᠭᠡᠯ ᠥᠭᠬᠦ ᠬᠡᠷᠡᠭᠲᠡᠢ︔
     ︵ᠨᠢᠭᠡ︶ ᠴᠢᠬᠤᠯᠠ ᠶᠡᠭᠡ ᠠᠵᠢᠯᠯᠠᠭ᠎ᠠ ᠡᠷᠬᠢᠯᠡᠭᠰᠡᠨ᠂ ᠳᠠᠭᠠᠭᠠᠨ ᠭᠦᠢᠴᠡᠳᠭᠡᠭᠰᠡᠨ ᠨᠢᠭᠡᠴᠡ ᠨᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠯᠲᠠ ᠲᠠᠯᠪᠢᠯᠲᠠ᠂ ᠵᠢᠯᠣᠭᠤᠳᠤᠯᠭ᠎ᠠ ᠶᠢ ᠬᠦᠯᠢᠶᠡᠬᠦ ᠦᠭᠡᠢ ᠮᠦᠷᠲᠡᠭᠡᠨ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠬᠤᠬᠢᠷᠠᠯ ᠳᠤ ᠤᠴᠠᠷᠠᠭᠤᠯᠤᠭᠰᠠᠨ︔
     ︵ᠬᠤᠶᠠᠷ︶ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ ᠠᠵᠢᠯ ᠢ ᠲᠣᠭᠲᠠᠭᠠᠯ ᠶᠤᠰᠤᠭᠠᠷ ᠦᠷᠨᠢᠭᠦᠯᠦᠭᠰᠡᠨ ᠦᠭᠡᠢ︔
     ︵ᠭᠤᠷᠪᠠ︶ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠣᠭᠲᠠᠭᠠᠯ ᠶᠤᠰᠤᠭᠠᠷ ᠰᠢᠯᠵᠢᠭᠦᠯᠦᠨ ᠲᠤᠰᠢᠶᠠᠭᠰᠠᠨ ᠦᠭᠡᠢ ᠪᠣᠶᠣ ᠳᠠᠩᠰᠠ ᠡᠪᠬᠡᠮᠡᠯ ᠢ ᠪᠦᠷᠢᠨ ᠪᠦᠲᠦᠨ ᠢᠶᠠᠷ ᠨᠢ ᠰᠢᠯᠵᠢᠭᠦᠯᠦᠨ ᠲᠤᠰᠢᠶᠠᠭᠰᠠᠨ ᠦᠭᠡᠢ︔      ︵ᠳᠥᠷᠪᠡ︶ ᠲᠤᠰ ᠠᠷᠭ᠎ᠠ ᠶᠢᠨ ᠲᠣᠭᠲᠠᠭᠠᠯ ᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃
     ᠠᠷᠪᠠ ᠶᠢᠰᠦᠳᠦᠭᠡᠷ ᠵᠦᠢᠯ   ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠬᠤᠯᠪᠤᠭᠳᠠᠯ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠤᠶᠤ ᠪᠤᠰᠤᠳ ᠰᠢᠭᠤᠳ ᠬᠠᠷᠢᠭᠤᠴᠠᠯᠭᠠᠲᠠᠨ ᠳᠤ ᠰᠢᠳᠭᠡᠯ ᠥᠭᠴᠦ᠂ ᠡᠭᠦᠨ ᠤ ᠬᠠᠮᠲᠤ ᠬᠤᠯᠪᠤᠭᠳᠠᠯ ᠪᠦᠬᠦᠢ ᠳᠠᠩᠰᠠ ᠡᠪᠬᠡᠮᠡᠯ ᠤᠨ ᠦᠨ᠎ᠡ ᠥᠷᠲᠡᠭ ᠪᠠ ᠲᠤᠭ᠎ᠠ ᠬᠡᠮᠵᠢᠶ᠎ᠠ ᠶᠢ ᠦᠨᠳᠦᠰᠦᠯᠡᠨ᠂ ᠬᠠᠤᠯᠢ ᠶᠤᠰᠤᠭᠠᠷ ᠬᠤᠪᠢ ᠬᠦᠮᠦᠨ ᠢ 500 ᠲᠦᠭᠦᠷᠢᠭ ᠠᠴᠠ ᠳᠡᠭᠡᠭᠰᠢ 5000 ᠲᠦᠭᠦᠷᠢᠭ ᠠᠴᠠ ᠳᠣᠷᠤᠭᠰᠢ ᠵᠤᠭᠤᠰ ᠢᠶᠠᠷ ᠲᠣᠷᠭᠠᠨ᠎ᠠ︔ ᠬᠤᠬᠢᠷᠠᠯ ᠳᠤ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ︔
     ︵ᠨᠢᠭᠡ︶ ᠤᠯᠤᠰ ᠤᠨ ᠦᠮᠴᠢᠯᠡᠯ ᠳᠤ ᠬᠠᠷᠢᠶᠠᠯᠠᠭᠳᠠᠬᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠪᠠᠯᠠᠯᠤᠨ ᠵᠠᠰᠠᠬᠤ᠂ ᠬᠠᠭᠤᠷᠮᠠᠭ ᠢᠶᠠᠷ ᠵᠣᠬᠢᠶᠠᠬᠤ᠂ ᠡᠪᠳᠡᠨ ᠰᠦᠢᠳᠭᠡᠬᠦ᠂ ᠭᠡᠭᠡᠵᠦ ᠣᠷᠬᠢᠭᠰᠠᠨ︔
     ︵ᠬᠤᠶᠠᠷ︶ ᠤᠯᠤᠰ ᠤᠨ ᠦᠮᠴᠢᠯᠡᠯ ᠳᠤ ᠬᠠᠷᠢᠶᠠᠯᠠᠭᠳᠠᠬᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠳᠤᠷ᠎ᠠ ᠪᠠᠷ ᠢᠶᠠᠨ ᠬᠠᠩᠭᠠᠬᠤ᠂ ᠬᠠᠭᠤᠯᠤᠨ ᠲᠡᠮᠲᠡᠭᠯᠡᠬᠦ᠂ ᠨᠡᠶᠢᠲᠡᠯᠡᠬᠦ᠂ ᠤᠰᠠᠳᠬᠠᠭᠰᠠᠨ︔
     ︵ᠭᠤᠷᠪᠠ︶ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠬᠠᠤᠯᠢ ᠪᠤᠰᠤ ᠪᠠᠷ ᠬᠤᠳᠠᠯᠳᠤᠭᠠᠯᠠᠭᠰᠠᠨ︔      ︵ᠳᠥᠷᠪᠡ︶ ᠬᠢᠯᠢ ᠠᠴᠠ ᠠᠪᠴᠤ ᠭᠠᠷᠬᠤ ᠶᠢ ᠡᠷᠡᠰ ᠴᠠᠭᠠᠵᠠᠯᠠᠭᠰᠠᠨ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠵᠢᠴᠢ ᠬᠠᠭᠤᠯᠪᠤᠷᠢ ᠶᠢ ᠠᠪᠴᠤ ᠬᠢᠯᠢ ᠠᠴᠠ ᠭᠠᠷᠤᠭᠰᠠᠨ︔
     ︵ᠲᠠᠪᠤ︶ ᠬᠠᠤᠯᠢ ᠠᠴᠠ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃
     ᠬᠤᠷᠢᠳᠤᠭᠠᠷ ᠵᠦᠢᠯ   ᠲᠤᠰ ᠠᠷᠭ᠎ᠠ ᠶᠢ 2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ