3 ᠳ᠋ᠤᠭᠠᠷ ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ | ᠨᠢᠭᠡᠲᠦᠭᠡᠷ ᠬᠤᠷᠠᠯ ᠡᠯ᠎ᠡ ᠵᠦᠢᠯ ᠤᠨ ᠵᠦᠪᠯᠡᠬᠦ ᠵᠦᠢᠯ ᠢᠶᠠᠨ ᠳᠠᠭᠤᠰᠬᠠᠭᠠᠳ ᠠᠮᠵᠢᠯᠳᠠ ᠲᠠᠢ ᠳᠡᠭᠦᠰᠪᠡ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠬᠤᠷᠠᠯ | ᠡᠷᠬᠢᠯᠡᠪᠡ᠃ ᠬᠤᠷᠠᠯ ᠠᠴᠠ ᠪᠦ᠋ ᠰᠢᠶᠤᠤ ᠯᠢᠨ ᠢ ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ᠂ ᠥᠪᠥᠷ ᠮᠤᠩᠭᠤᠯ ᠤᠨ ᠥᠪᠡᠷᠲᠡᠬᠡᠨ ᠵᠠᠰᠠᠬᠤ ᠤᠷᠤᠨ ᠤ ᠤᠷᠤᠯᠠᠬᠴᠢ ᠲᠡᠷᠢᠭᠦᠯᠡᠭᠴᠢ ᠶᠢᠨ | ᠲᠤᠰᠢᠶᠠᠯ ᠳᠤ ᠲᠤᠮᠢᠯᠠᠬᠤ ᠪᠠᠷ ᠲᠤᠬᠳᠠᠵᠤ᠂ ᠪᠠᠭᠠᠳᠣᠷ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠳᠡᠷᠢᠭᠦᠯᠡᠭᠴᠢ ᠶᠢᠨ ᠳᠣᠰᠢᠶᠠᠯ ᠠᠴᠠ ᠪᠠᠭᠤᠬᠤ ᠡᠷᠭᠦᠳᠡᠯ ᠢ ᠬᠦᠯᠢᠶᠡᠨ ᠠᠪᠴᠠᠢ᠃ | ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠬᠤᠷᠴᠡ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ | ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠵᠢᠴᠢ ᠪᠠᠶᠢᠩᠭᠤ ᠶᠢᠨ ᠬᠤᠷᠢᠶ᠎ᠠ ᠶᠢᠨ ᠬᠡᠰᠢᠭᠦᠳ ᠬᠤᠷᠠᠯ ᠳᠤ | ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠦᠨ ᠭᠤᠸᠠᠩ ᠵᠦᠡᠭ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠸᠡᠭ ᠬᠤᠷᠠᠯ ᠳᠤ | ᠰᠤᠯᠠ ᠤᠷᠤᠯᠴᠠᠵᠠᠢ᠃ | ᠬᠤᠷᠠᠯ ᠠᠴᠠ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠬᠦᠮᠦᠨ ᠠᠮᠠ ᠪᠠ ᠲᠦᠯᠦᠪᠯᠡᠭᠡᠲᠦ ᠦᠷᠡᠵᠢᠯ ᠤᠨ ᠲᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭᠠᠯ︾᠂ | ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ | ᠪᠡᠯᠴᠢᠭᠡᠷ ᠢ ᠬᠠᠮᠠᠭᠠᠯᠠᠬᠤ ᠲᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭᠠᠯ︾᠂ ︽ᠦᠪᠦᠷ ᠮᠤᠩᠭᠤᠯ | ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠭᠡᠤᠭᠡᠳ ᠢ ᠬᠠᠮᠠᠭᠠᠯᠠᠬᠤ | ᠲᠦᠷᠢᠮ﹀ ᠢ ᠬᠦᠴᠦᠨ ᠦᠭᠡᠢ ᠪᠤᠯᠭᠠᠬᠤ ᠲᠤᠬᠠᠢ ᠲᠤᠬᠳᠠᠭᠠᠯ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠬᠡᠰᠡᠭ ᠤᠷᠤᠨ | ᠨᠤᠳᠤᠬ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ﹀ ᠢ ᠵᠦᠪᠰᠢᠶᠡᠷᠡᠭᠦ ᠲᠤᠬᠠᠢ | ᠰᠢᠢᠳᠪᠤᠷᠢ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ | ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ | ᠬᠡᠮ ᠢ ᠬᠢᠨᠠᠨ ᠪᠠᠶᠢᠴᠠᠭᠠᠬᠤ ᠺᠤᠮᠢᠰ ᠤᠨ ᠬᠡᠰᠡᠭ ᠪᠦᠷᠢᠯᠳᠦᠭᠦᠨ ᠢᠶᠠᠷ ᠨᠦᠭᠦᠪᠦᠷᠢᠯᠡᠭᠦ ᠨᠡᠷᠡᠰ︾᠂ ︽ᠰᠤᠮᠤ ᠰᠢᠶᠠᠩ | ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ | ᠴᠠᠬ ᠲᠤ ᠲᠤᠬᠢᠷᠠᠭᠤᠯᠣᠯᠳᠠ ᠬᠢᠬᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠭᠳᠠᠭᠠᠯ︾ ᠢ ᠪᠠᠳᠣᠯᠠᠪᠠ᠃ | ᠬᠤᠷᠠᠯ ᠠᠴᠠ ᠳᠣᠰᠢᠶᠠᠯ ᠳᠤ ᠳᠣᠮᠢᠯᠠᠵᠣ ᠳᠣᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠣᠯᠠᠪᠠ᠃ ᠸᠠᠩ | ᠵᠢᠶᠦ᠋ᠨ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠤᠷᠤᠯᠠᠬᠴᠢ ᠲᠡᠷᠢᠭᠦᠯᠡᠭᠴᠢ ᠪᠦ᠋ ᠰᠢᠶᠤᠤ ᠯᠢᠨ ᠪᠠ | ᠦᠪᠡᠷᠳᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠭᠢ ᠪᠠᠶᠠᠯᠢᠭ ᠤᠨ ᠲᠢᠩᠭᠢᠮ ᠤᠨ ᠲᠠᠷᠤᠭ᠎ᠠ ᠵᠠᠩ ᠯᠢ | ᠫᠢᠡᠭ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠭᠢᠮ ᠤᠨ ᠲᠠᠷᠤᠭ᠎ᠠ ᠮᠢᠶᠤᠤ ᠶᠢᠨ | ᠵᠤ᠋᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠲᠡᠳ᠋ ᠪᠠᠶᠢᠴᠠᠭᠠᠬᠤ ᠲᠠᠷᠤᠭ᠎ᠠ | ᠶᠦᠢᠨ ᠰᠢᠶᠤᠤ ᠳᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃ | ᠬᠤᠷᠠᠯ ᠤᠨ ᠵᠦᠪᠯᠡᠬᠦ ᠵᠦᠢᠯ ᠳᠠᠭᠤᠰᠣᠭᠰᠠᠨ ᠤ ᠳᠠᠷᠠᠭ᠎ᠠ᠂ ᠸᠠᠩ ᠵᠢᠶᠦ᠋ᠨ ᠵᠢᠭᠠᠵᠦ ᠭᠠᠷᠭᠠᠬᠰᠠᠨ ᠨᠢ᠂ | ᠪᠠᠭᠠᠳᠤᠷ ᠨᠦᠭᠦᠷ ᠪᠠ ᠪᠦ᠋ ᠰᠢᠶᠤᠤ ᠯᠢᠨ ᠨᠦᠭᠦᠷ ᠪᠤᠯ ᠮᠠᠨ ᠤ ᠨᠠᠮ ᠤᠨ ᠬᠦᠮᠦᠵᠢᠭᠦᠯᠦᠭᠰᠡᠨ ᠴᠦᠭᠡᠨ ᠲᠤᠭᠠᠳᠤ | ᠦᠨᠳᠦᠰᠦᠳᠡᠨ ᠤ ᠰᠢᠯᠢᠳᠡᠭ ᠤᠳᠤᠷᠢᠳᠬᠤ ᠺᠠᠳ᠋ᠷ ᠪᠣᠯᠣᠨ᠎ᠠ᠃ ᠪᠠᠭᠠᠳᠤᠷ ᠨᠦᠭᠦᠷ ᠤᠨ ᠤᠯᠤᠰ ᠲᠦᠷᠦ ᠶᠢᠨ | ᠵᠤᠬᠰᠤᠯᠳᠠ ᠪᠠᠳᠤ᠂ ᠤᠳᠤᠷᠢᠳᠬᠤ ᠲᠤᠷᠰᠢᠯᠭ᠎ᠠ ᠡᠯᠪᠡᠭ᠂ ᠶᠡᠭᠡ ᠳᠠᠯ᠎ᠠ ᠶᠢᠨ ᠤᠬᠠᠮᠰᠠᠷ᠂ ᠬᠠᠮᠵᠢᠯᠴᠠᠬᠤ ᠤᠬᠠᠮᠰᠠᠷ | ᠪᠠ ᠵᠤᠬᠢᠶᠠᠨ ᠪᠠᠶᠢᠭᠤᠯᠵᠤ ᠵᠤᠬᠢᠴᠠᠭᠤᠯᠬᠤ ᠴᠢᠳᠠᠪᠤᠷᠢ ᠨᠡᠯᠢᠶᠡᠳ ᠴᠢᠩᠭ᠎ᠠ᠃ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠵᠠᠰᠠᠬ ᠤᠨ ᠤᠷᠳᠤᠨ ᠤ ᠤᠳᠤᠷᠢᠳᠬᠤ ᠪᠠᠬ ᠢᠶᠠᠨ | ᠤᠳᠤᠷᠢᠳᠤᠨ ᠲᠠᠭᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ | ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠵᠡᠷᠭᠡ ᠳᠠᠯ᠎ᠠ ᠪᠠᠷ ᠶᠡᠭᠡ | ᠬᠡᠮᠵᠢᠶᠡᠨ ᠤ ᠲᠤᠪᠤᠶᠢᠮ᠎ᠠ ᠦᠷ᠎ᠡ ᠪᠦᠲᠦᠮᠵᠢ ᠲᠠᠢ ᠠᠵᠢᠯ ᠤᠳ ᠢ ᠬᠢᠵᠠᠢ᠃ ᠪᠦ᠋ ᠰᠢᠶᠤᠤ ᠯᠢᠨ ᠨᠦᠭᠦᠷ ᠤᠨ ᠤᠯᠤᠰ | ᠲᠦᠷᠦ ᠶᠢᠨ ᠵᠤᠬᠰᠤᠯᠳᠠ ᠪᠠᠳᠤ᠂ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ᠂ ᠨᠠᠮ ᠤᠨ ᠦᠨᠳᠦᠰᠦᠳᠡᠨ ᠤ ᠠᠵᠢᠯ ᠤᠨ ᠴᠢᠭᠯᠡᠯᠳᠠ ᠲᠦᠷᠦ ᠶᠢᠨ ᠪᠤᠳᠤᠯᠭ᠎ᠠ ᠶᠢ ᠡᠷᠡᠰ | ᠲᠤᠤᠱᠯᠠᠭᠤᠯᠵᠦ᠂ ᠤᠳᠤᠷᠢᠳᠬᠤ ᠲᠤᠷᠰᠢᠯᠭ᠎ᠠ ᠨᠡᠯᠢᠶᠡᠳ ᠡᠯᠪᠡᠭ᠂ ᠶᠠᠷᠦᠩᠭᠡᠶᠢᠯᠡᠭᠰᠡᠨ ᠬᠡᠪ ᠪᠣᠯᠪᠠᠰᠣᠷᠠᠯ ᠨᠡᠯᠢᠶᠡᠳ | ᠦᠨᠳᠤᠷ᠂ ᠺᠠᠳ᠋ᠷ ᠤᠯᠠᠨ ᠲᠦᠮᠡᠨ ᠤ ᠲᠤᠮᠳᠠ ᠨᠡᠯᠢᠶᠡᠳ ᠨᠡᠷ᠎ᠠ ᠬᠦᠨᠳᠤ ᠲᠠᠢ᠃ ᠪᠦ᠋ ᠰᠢᠶᠤᠤ ᠯᠢᠨ ᠨᠦᠭᠦᠷ | ᠦᠪᠡᠷᠳᠡᠭᠡᠨ ᠵᠠᠰᠠᠬᠤ ᠤᠷᠤᠨ ᠤ ᠤᠷᠤᠯᠠᠬᠴᠢ ᠲᠡᠷᠢᠭᠦᠯᠡᠭᠴᠢ ᠪᠤᠯᠤᠬᠰᠠᠨ ᠤ ᠲᠠᠷᠠᠭ᠎ᠠ᠂ ᠨᠠᠮ ᠪᠠ ᠠᠷᠠᠳ ᠲᠦᠮᠡᠨ ᠤ | ᠢᠳᠡᠭᠡᠯ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠵᠠᠰᠠᠭ ᠤᠨ ᠤᠷᠳᠤᠨ ᠤ ᠤᠳᠤᠷᠢᠳᠬᠤ ᠪᠠᠬ ᠲᠠᠢ ᠪᠠᠨ ᠪᠦᠯᠭᠦᠮᠳᠡᠨ | ᠳᠡᠳᠡᠨ ᠢ ᠲᠠᠭᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ | ᠲᠤᠤᠱᠯᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠤᠷᠳᠤᠨ ᠤ ᠠᠵᠢᠯ ᠢᠢᠡᠨ ᠲᠤᠪᠤᠶᠢᠮ᠎ᠠ ᠦᠷ᠎ᠡ | ᠪᠦᠳᠦᠮᠵᠢ ᠲᠠᠢ ᠬᠢᠬᠦ ᠶᠢ ᠬᠦᠰᠡᠵᠦ ᠪᠠᠶᠢᠨ᠎ᠠ ᠭᠡᠪᠡ᠃ | ᠪᠦ᠋ ᠰᠢᠶᠤᠤ ᠯᠢᠨ ᠢᠯᠡᠷᠭᠡᠶᠢᠯᠡᠭᠰᠡᠨ ᠨᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮᠠᠢᠢ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ | ᠦᠪᠡᠷᠲᠡᠭᠡᠨ ᠵᠠᠰᠠᠬᠤ ᠤᠷᠤᠨ ᠤ ᠤᠷᠤᠯᠠᠭᠴᠢ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠤᠭᠲᠠᠪᠠ᠂ ᠪᠢ | ᠡᠨᠡᠬᠦ ᠲᠤᠮᠢᠯᠠᠯᠲᠠ ᠶᠢᠨ ᠬᠤᠪᠢ ᠶᠢᠨ ᠵᠢᠩ ᠢ ᠬᠦᠨᠵᠡᠬᠡᠢ ᠮᠡᠳᠡᠵᠦ ᠪᠠᠶᠢᠨ᠎ᠠ᠃ ᠠᠯᠢᠪᠠ ᠡᠷᠭᠡ ᠠᠷᠠᠳ ᠲᠦᠮᠡᠨ ᠤ ᠬᠢ | ᠭᠡᠳᠡᠭ ᠢ ᠪᠢ ᠯᠠᠪᠲᠠᠢ ᠢᠮᠠᠬᠳᠠ ᠪᠠᠳᠤ ᠴᠡᠭᠡᠵᠢᠯᠡᠵᠦ᠂ ᠮᠦᠷᠦᠨ ᠲᠡᠭᠡᠷ᠎ᠠ ᠪᠠᠨ ᠪᠦᠬᠦ ᠤᠷᠤᠨ ᠤ 2500 ᠲᠦᠮᠡᠨ | ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠡᠭᠦᠷᠭᠡᠯᠡᠵᠦ ᠪᠠᠶᠢᠭ᠎ᠠ ᠭᠡᠳᠡᠭ ᠢ ᠢᠮᠠᠬᠳᠠ | ᠪᠠᠳᠤ ᠴᠡᠭᠡᠵᠢᠯᠡᠵᠦ᠂ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠤᠯ ᠲᠠᠷᠤᠢ | ᠪᠢᠲᠠᠨ ᠤ ᠲᠡᠮᠡᠴᠡᠯ ᠤᠨ ᠬᠠᠷᠠᠯᠲᠠ ᠮᠦᠨ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ | ᠤᠬᠠᠮᠰᠠᠷ᠂ ᠶᠡᠭᠡ ᠳᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠪᠠᠳᠤ | ᠪᠠᠬᠢ ᠪᠤᠢ ᠪᠤᠯᠭᠠᠵᠦ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠤᠨ | ᠨᠦᠬᠦᠳ ᠲᠠᠢ ᠬᠠᠮᠲᠤ ᠪᠠᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠲᠤᠤᠷ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠭᠡᠨ ᠤ ᠪᠦᠬᠦ ᠬᠦᠴᠦᠨ ᠤ ᠲᠡᠮᠵᠢᠯᠭᠡ ᠲᠤᠤᠷ᠎ᠠ ᠡᠭᠦᠷᠭᠡ ᠲᠤᠰᠢᠶᠠᠯ ᠢᠶᠡᠨ | ᠬᠢᠴᠢᠶᠡᠩᠬᠦ᠋ᠢᠯᠡᠨ ᠬᠦᠢᠴᠡᠳᠬᠡᠵᠦ᠂ ᠡᠷᠡᠰ ᠵᠤᠷᠢᠭᠯᠠᠨ ᠵᠢᠳᠬᠦᠨ ᠴᠢᠷᠮᠡᠶᠢᠵᠤ ᠦᠪᠡᠷᠲᠡᠭᠡᠨ ᠵᠠᠰᠠᠬᠤ ᠤᠷᠤᠨ ᠤ ᠡᠯ᠎ᠡ | ᠲᠦᠷᠦᠯ ᠤᠨ ᠠᠵᠢᠯ ᠦᠢᠯᠡᠰ ᠤᠨ ᠬᠦᠭᠵᠢᠯᠲᠡ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠶᠠᠨ | ᠵᠢᠷᠭᠠᠯ ᠢ ᠨᠡᠮᠡᠭᠳᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠤᠷᠤᠨ ᠢ | ᠪᠦᠲᠦᠭᠡᠨ ᠪᠠᠶᠢᠭᠤᠯᠬᠤ ᠶᠢᠨ ᠲᠦᠯᠦᠭᠡ ᠴᠥᠬᠦᠷᠡᠰᠢ ᠦᠭᠡᠢ ᠠᠵᠢᠯᠯᠠᠨ᠎ᠠ᠃ | ᠸᠠᠩ ᠵᠢᠶᠦ᠋ᠨ ᠵᠢᠭᠠᠵᠦ ᠭᠠᠷᠭᠠᠬᠰᠠᠨ ᠨᠢ᠂ ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠦᠪᠤᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠠᠮᠠ ᠪᠠ ᠲᠦᠯᠦᠪᠯᠡᠭᠡᠳᠤ ᠦᠷᠡᠵᠢᠯ ᠤᠨ ᠲᠦᠷᠢᠮ︾ ᠳᠤ᠂ ᠨᠢᠭᠡ | ᠬᠤᠤᠰ ᠡᠷ᠎ᠠ ᠡᠮ᠎ᠠ ᠬᠤᠶᠠᠭᠤᠯᠠ ᠬᠤᠶᠠᠷ ᠬᠡᠤᠭᠡᠳ ᠲᠦᠷᠦᠵᠦ ᠪᠣᠯᠬᠤ᠂ ᠲᠦᠯᠦᠪᠯᠡᠭᠡᠲᠦ ᠦᠷᠡᠵᠢᠯ ᠤᠨ ᠱᠠᠩᠨᠠᠨ | ᠬᠦᠬᠢᠭᠦᠯᠭᠦ ᠪᠠᠳᠤᠯᠠᠪᠣᠷᠢ ᠶᠢᠨ ᠢᠵᠢ ᠪᠦᠷᠢᠳᠦᠭᠦᠯᠭᠦ ᠲᠦᠷᠢᠮ ᠢ ᠲᠡᠭᠦᠯᠳᠡᠷᠵᠢᠭᠦᠯᠭᠦ ᠲᠤᠬᠳᠠᠭᠠᠯ ᠭᠠᠷᠭᠠᠪᠠ᠃ | ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ | ᠨᠤᠳᠤᠭ ᠪᠡᠯᠴᠢᠭᠡᠷ ᠢ ᠬᠠᠮᠠᠭᠠᠯᠠᠬᠤ ᠲᠦᠷᠢᠮ︾ ᠳᠤ ᠲᠦᠷᠢᠮ ᠲᠠᠬᠢ ᠵᠠᠰᠠᠬ ᠵᠠᠭᠢᠷᠭᠠᠨ ᠤ ᠬᠢᠨᠠᠨ ᠵᠦᠪᠰᠢᠶᠡᠷᠡᠭᠦ | ᠵᠦᠢᠯᠡᠰ ᠢ ᠭᠤᠤᠯᠳᠠᠯᠭ᠎ᠠ ᠲᠠᠢ ᠲᠦᠭᠦᠮᠴᠢᠯᠡᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ | ᠤᠷᠳᠤᠨ ᠪᠠ ᠬᠠᠮᠢᠶ᠎ᠠ ᠪᠦᠭᠦᠢ ᠰᠠᠯᠠᠭ᠎ᠠ ᠮᠦᠴᠢᠷ ᠵᠠᠰᠠᠪᠤᠷᠢ ᠤᠷᠤᠭᠤᠯᠤᠬᠰᠠᠨ ᠡᠨᠡᠬᠦ ᠬᠤᠶᠠᠷ ᠰᠢᠨ᠎ᠡ ᠬᠠᠤᠯᠢ | ᠳᠣᠭᠳᠠᠭᠠᠯ ᠢ ᠢᠵᠢ ᠪᠦᠷᠢᠳᠦᠭᠦᠯᠦᠨ ᠵᠣᠯᠭᠠᠭᠤᠯᠬᠤ ᠠᠵᠢᠯ ᠢ ᠱᠠᠯᠠᠪᠳᠠᠨ ᠰᠠᠶᠢᠳᠤᠷ ᠬᠢᠵᠦ᠂ ᠬᠠᠤᠯᠢ ᠳᠣᠭᠳᠠᠭᠠᠯ | ᠤᠨ ᠪᠦᠲᠦᠮᠵᠢᠳᠠᠢ ᠬᠡᠷᠡᠭᠵᠢᠭᠦᠯᠦᠭᠳᠡᠭᠦ ᠶᠢ ᠪᠠᠳᠤᠯᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠬᠠᠤᠯᠢ ᠲᠤᠬᠳᠠᠭᠠᠬᠤ ᠠᠵᠢᠯ ᠢ ᠲᠠᠭᠤᠰᠬᠠᠬᠰᠠᠨ | ᠤ ᠲᠠᠷᠠᠭ᠎ᠠ ᠬᠢᠨᠠᠯᠳᠠ ᠲᠠᠯᠪᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠣ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠤᠬᠳᠠᠭᠠᠬᠰᠠᠨ ᠵᠦᠢᠯᠡᠰ ᠪᠦᠲᠦᠮᠵᠢᠳᠠᠢ ᠬᠡᠷᠡᠭᠵᠢᠭᠦᠯᠦᠭᠳᠡᠭᠦ ᠶᠢ ᠠᠬᠢᠭᠤᠯᠵᠦ᠂ ᠪᠤᠳᠠᠳᠤ ᠦᠢᠯᠡ | ᠠᠵᠢᠯᠯᠠᠭ᠎ᠠ ᠪᠠᠷ ᠢᠶᠠᠨ ᠬᠠᠤᠯᠢ ᠴᠠᠭᠠᠵᠠ ᠬᠠᠤᠯᠢ ᠳᠣᠭᠳᠠᠭᠠᠯ ᠤᠨ ᠡᠷᠭᠡ ᠰᠦᠷ ᠢ ᠬᠠᠮᠠᠭᠠᠯᠠᠬᠤ ᠬᠡᠷᠡᠭᠳᠡᠢ ᠬᠡᠪᠡ᠃ | ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠣᠳᠠᠭ᠎ᠠ ᠶᠢᠨ ᠬᠤᠷᠠᠯ ᠠᠴᠠ ᠦᠪᠡᠷᠳᠡᠭᠡᠨ ᠵᠠᠰᠠᠬᠤ ᠤᠷᠤᠨ | ᠤ ᠲᠤᠰ ᠱᠠᠳᠤᠨ ᠤ ᠲᠦᠰᠦᠪ ᠢ ᠬᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ | ᠵᠠᠷᠤᠯᠭ᠎ᠠ ᠶᠢ 2015 ᠣᠨ ᠳᠤ ᠬᠢᠨᠠᠨ ᠪᠤᠳᠣᠵᠣ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠬᠰᠠᠨ ᠪᠠᠶᠢᠳᠠᠯ ᠤᠨ ᠳᠣᠬᠠᠢ ᠮᠡᠳᠡᠭᠦᠯᠦᠯᠳᠡ ᠶᠢ ᠰᠤᠨᠤᠰᠣᠨ ᠬᠢᠨᠠᠨ ᠵᠦᠪᠯᠡᠭᠰᠡᠨ ᠪᠦᠭᠡᠳ ᠬᠢᠨᠠᠨ | ᠵᠦᠪᠯᠡᠭᠰᠡᠨ ᠪᠠᠶᠢᠳᠠᠯ ᠲᠠᠢ ᠪᠠᠨ ᠤᠶᠠᠯᠳᠤᠭᠤᠯᠵᠦ ᠲᠤᠰᠬᠠᠢ ᠰᠡᠳᠦᠪ ᠢᠶᠠᠷ ᠠᠰᠠᠭᠤᠨ ᠯᠠᠪᠯᠠᠪᠠ᠃ ᠪᠠᠶᠢᠡᠭᠭᠤ ᠶᠢᠨ | ᠬᠤᠷᠢᠶ᠎ᠠ ᠶᠢᠨ ᠪᠦᠷᠢᠯᠳᠦᠭᠦᠨ ᠪᠠ ᠠᠷᠠᠳ ᠤᠨ ᠲᠦᠯᠦᠭᠡᠯᠡᠭᠴᠢᠳ ᠴᠡᠭᠴᠡᠯᠡᠨ ᠰᠠᠶᠢᠵᠢᠷᠠᠭᠤᠯᠣᠭᠰᠠᠨ ᠠᠵᠢᠯ ᠤᠨ | ᠦᠷ᠎ᠠ ᠪᠦᠲᠦᠮᠵᠢ ᠶᠢ ᠬᠦᠢᠴᠡᠳ ᠨᠤᠳᠠᠯᠠᠬᠤ ᠶᠢᠨ ᠬᠠᠮᠲᠤ ᠰᠠᠨᠠᠯ ᠰᠠᠨᠠᠭᠤᠯᠭ᠎ᠠ ᠲᠤᠷᠠᠳᠴᠠᠢ᠃ ᠵᠠᠰᠠᠭ ᠤᠨ ᠤᠷᠳᠤᠨ | ᠵᠢᠴᠢ ᠬᠠᠮᠢᠶ᠎ᠠ ᠪᠦᠭᠦᠢ ᠰᠠᠯᠠᠭ᠎ᠠ ᠮᠦᠴᠢᠷ ᠡᠳᠡᠭᠡᠷ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠦ᠂ ᠪᠦᠬᠦ | ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠦ᠂ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ | ᠴᠢᠩᠭᠠᠳᠬᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠪᠠ ᠬᠢᠨᠠᠨ ᠪᠤᠳᠤᠯᠳᠠ ᠶᠢᠨ | ᠬᠢᠨᠠᠯᠳᠠ ᠶᠢᠨ ᠲᠦᠪ ᠴᠢᠩᠭ᠎ᠠ ᠴᠢᠨᠠᠷ ᠢ ᠦᠨᠡᠨᠭᠦ ᠬᠠᠮᠠᠭᠠᠯᠠᠬᠤ ᠬᠡᠷᠡᠭᠳᠡᠢ᠃ ᠡᠯ᠎ᠠ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠬᠢᠨᠠᠨ ᠪᠤᠳᠤᠯᠲᠠ ᠳᠤ ᠪᠠᠶᠢᠴᠠᠭᠠᠵᠤ ᠭᠠᠷᠭᠠᠭᠰᠠᠨ | ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠮᠡᠳᠡᠭᠦᠯᠦᠯᠳᠡ ᠶᠢ ᠰᠤᠨᠤᠰᠬᠤ ᠪᠠ ᠬᠢᠨᠠᠨ | ᠵᠦᠪᠯᠡᠭᠦ ᠲᠤᠬᠳᠠᠴᠠ ᠶᠢ ᠪᠠᠶᠢᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠲᠠᠯᠪᠢᠬᠤ | ᠠᠵᠢᠯ ᠢ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠳᠡᠢ ᠬᠡᠪᠡ᠃ | ᠸᠠᠩ ᠵᠢᠶᠦ᠋ᠨ ᠴᠢᠬᠤᠯᠠᠴᠢᠯᠠᠭᠰᠠᠨ ᠨᠢ᠂ ᠲᠠᠯ᠎ᠠ ᠨᠤᠲᠤᠭ ᠤᠨ ᠰᠤᠶᠤᠯ᠂ ᠤᠮᠠᠷᠠᠲᠦ ᠬᠢᠯᠢ ᠶᠢᠨ ᠦᠪᠡᠷᠮᠢᠴᠡ | ᠤᠨᠴᠠᠯᠢᠭ ᠢ ᠬᠠᠷᠠᠭᠤᠯᠤᠭᠰᠠᠨ ᠵᠤᠭᠠᠴᠠᠠ ᠲᠤᠭᠤᠷᠢᠬᠤ᠂ ᠰᠡᠯᠡᠭᠦᠴᠡᠡ ᠠᠮᠠᠷᠠᠬᠤ ᠰᠠᠭᠤᠷᠢᠨ ᠢ ᠲᠦᠷᠭᠡᠡ ᠪᠠᠶᠢᠭᠤᠯᠵᠦ | ᠂ ᠡᠭᠡ ᠤᠯᠤᠰ ᠤᠨ ᠤᠮᠠᠷᠠᠲᠦ ᠶᠢᠨ ᠦᠵᠡᠰᠭᠦᠯᠡᠩᠲᠦ ᠰᠠᠶᠢᠬᠠᠠ ᠦᠵᠡᠮᠵᠢ ᠶᠢᠨ ᠤᠷᠤᠨ ᠢ ᠪᠠᠶᠢᠭᠤᠯᠬᠤ ᠶᠢᠨ | ᠲᠦᠯᠦᠭᠡ᠂ ᠲᠤᠰ ᠤᠲᠠᠭᠠᠠ ᠤ ᠬᠤᠷᠠᠯ ᠦᠪᠡᠷᠲᠡᠭᠡᠡ ᠵᠠᠰᠬᠠᠤ ᠤᠷᠤᠨ ᠤ ᠵᠤᠭᠠᠴᠠᠯ ᠤᠨ ᠲᠤᠪᠴᠢᠶᠠᠠ ᠤ 2015 | ᠣᠨ ᠤ ᠠᠵᠢᠯ ᠤᠨ ᠪᠠᠶᠢᠲᠠᠯ ᠤᠨ ᠮᠡᠲᠡᠭᠦᠯᠦᠯᠲᠡ ᠶᠢ ᠰᠤᠨᠤᠰᠤᠭᠰᠠᠠ ᠪᠦᠭᠡᠳ ᠠᠵᠢᠯ ᠤᠨ ᠦᠨᠡᠯᠡᠯᠲᠡ ᠬᠢᠵᠠᠢ᠃ | ᠵᠠᠰᠠᠭ ᠤᠨ ᠤᠷᠲᠤᠨ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ ᠰᠠᠨᠠᠯ ᠢ ᠨᠠᠷᠢᠨ ᠬᠢᠨᠠᠮᠠᠭᠠᠢ ᠰᠤᠲᠤᠯᠵᠦ᠂ ᠮᠠᠠ ᠤ ᠤᠷᠤᠨ ᠤ ᠵᠤᠭᠠᠴᠠᠯ ᠤᠨ ᠡᠬᠢ | ᠪᠠᠶᠠᠯᠢᠭ ᠤᠨ ᠲᠠᠯᠲᠠ ᠬᠦᠴᠤᠨ ᠢ ᠬᠦᠨᠵᠡᠭᠡᠢ ᠠᠭᠤᠳᠠᠯᠤᠨ᠂ ᠵᠤᠭᠠᠴᠠᠯ ᠤᠨ ᠦᠢᠯᠡᠰ ᠢ ᠮᠠᠠ ᠤ ᠤᠷᠤᠨ ᠤ ᠠᠵᠦ | ᠠᠬᠤᠢ ᠨᠡᠶᠢᠭᠡᠮ ᠤᠨ ᠬᠦᠭᠵᠢᠯᠲᠠ ᠶᠢᠨ ᠰᠢᠨ᠎ᠠ ᠬᠢᠯᠠᠰ ᠴᠡᠭ᠂ ᠰᠢᠨ᠎ᠠ ᠬᠦᠲᠡᠯᠭᠡᠭᠦᠷ ᠪᠤᠯᠭᠠᠬᠤ ᠭᠡᠷᠡᠭᠲᠡᠢ ᠭᠡᠪᠡ᠃ | ᠸᠠᠩ ᠵᠢᠶᠦ᠋ᠨ ᠴᠢᠬᠤᠯᠠᠴᠢᠯᠠᠭᠰᠠᠨ ᠨᠢ᠂ ᠴᠢᠬᠤᠯᠠ ᠶᠡᠭᠡ ᠤᠴᠢᠷ ᠶᠠᠪᠤᠲᠠᠯ ᠢ ᠶᠠᠷᠢᠯᠴᠠᠠ ᠲᠤᠭᠲᠠᠠᠭᠠᠬᠤ ᠪᠤᠯ | ᠦᠨᠲᠦᠰᠦᠨ ᠬᠠᠤᠯᠢ ᠪᠤᠯᠤᠨ ᠬᠠᠤᠯᠢ ᠴᠠᠭᠠᠵᠠ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠤᠯᠭᠤᠭᠰᠠᠠ ᠴᠢᠬᠤᠯᠠ ᠡᠷᠭᠡ ᠲᠤᠰᠢᠶᠠᠯ ᠪᠤᠯᠤᠨ᠎ᠠ᠃ ᠲᠤᠰ ᠤᠲᠠᠭ᠎ᠠ ᠶᠢᠨ | ᠬᠤᠷᠠᠯ ᠠᠴᠠ ᠵᠠᠰᠠᠭ ᠤᠨ ᠤᠷᠲᠤᠨ ᠤ ᠲᠡᠪᠰᠢᠭᠦᠯᠦᠭᠰᠡᠡ ︽ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ | ᠬᠤᠲᠠ ᠪᠠᠯᠭᠠᠰᠤ ᠶᠢᠨ ᠰᠢᠰᠲ᠋ᠧᠮ ᠤᠨ ᠲᠦᠯᠦᠪᠵᠢᠭᠦᠯᠭᠡ ︵2015 — 2030 ᠣᠨ︶︾ ᠶᠢ ᠬᠢᠨᠠᠠ | ᠵᠦᠪᠯᠡᠵᠠᠢ᠂ ᠪᠦᠷᠢᠯᠲᠦᠭᠦᠨ ᠨᠠᠷ ᠠᠴᠠ ᠲᠦᠯᠦᠪᠵᠢᠭᠦᠯᠭᠡ ᠨᠢ ᠲᠦᠪ ᠤᠨ ᠪᠠ ᠦᠪᠡᠷᠲᠡᠭᠡᠡ ᠵᠠᠰᠠᠬᠤ ᠤᠷᠤᠠ ᠤ ᠨᠠᠮ | ᠤᠨ ᠬᠤᠷᠢᠶ᠎ᠠ ᠶᠢᠨ ᠰᠢᠨ᠎ᠠ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠦ᠂ ᠬᠤᠲᠠ ᠶᠢᠨ | ᠲᠦᠯᠦᠪᠵᠢᠭᠦᠯᠭᠡ ᠪᠦᠲᠦᠭᠡᠡ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠬᠤ ᠰᠢᠢᠳᠪᠦᠷᠢᠲᠦ ᠪᠤᠲᠤᠯᠭ᠎ᠠ ᠶᠢᠨ | ᠵᠤᠷᠢᠭ ᠰᠠᠨᠠᠭ᠎ᠠ ᠶᠢ ᠬᠠᠷᠠᠭᠤᠯᠵᠦ᠂ ᠨᠡᠯᠢᠶᠡᠳ ᠴᠢᠩᠭ᠎ᠠ ᠴᠢᠭᠯᠡᠭᠦᠯᠦᠯᠲᠦ ᠴᠢᠨᠠᠷ ᠪᠠ ᠠᠵᠢᠯᠯᠠᠭᠠᠠ ᠤ ᠴᠢᠨᠠᠷ ᠲᠠᠢ | ᠭᠡᠵᠦ ᠦᠵᠡᠪᠡ᠃ ᠵᠠᠰᠠᠭ ᠤᠨ ᠤᠷᠲᠤᠨ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠪᠦᠷᠢᠯᠲᠦᠭᠦᠨ ᠨᠠᠷ ᠤᠨ | ᠰᠠᠨᠠᠭᠤᠯᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠴᠤ᠂ ᠵᠠᠰᠠᠪᠤᠷᠢ ᠤᠷᠤᠭᠤᠯᠵᠦ ᠲᠡᠭᠦᠯᠲᠡᠷᠵᠢᠭᠦᠯᠬᠦ ᠠᠵᠢᠯ ᠢ | ᠰᠠᠶᠢᠲᠤᠷ ᠬᠢᠵᠦ᠂ ᠴᠠᠭ ᠲᠤᠬᠠᠢ ᠳᠤᠨᠢ ᠲᠦᠷᠦ ᠶᠢᠨ ᠶᠠᠪᠤᠲᠠᠯ ᠤᠨ ᠬᠤᠷᠢᠶᠠᠠ ᠳᠤ ᠲᠡᠪᠰᠢᠭᠦᠯᠵᠦ ᠬᠢᠨᠠᠠ | ᠵᠦᠪᠰᠢᠶᠡᠷᠡᠭᠦᠯᠬᠦ ᠬᠡᠷᠡᠭᠲᠡᠢ ᠭᠡᠪᠡ᠃ | ᠸᠠᠩ ᠵᠢᠶ᠋ᠶᠦ᠋ᠨ ᠵᠢᠭᠠᠵᠣ ᠭᠠᠷᠭᠠᠭᠰᠠᠨ ᠨᠢ᠂ ︽ᠰᠤᠮᠤ ᠰᠢᠶᠠᠩ ᠪᠠᠯᠭᠠᠰᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠲᠤ ᠳᠣᠬᠢᠷᠠᠭᠤᠯᠣᠯᠳᠠ | ᠬᠢᠬᠦ ᠲᠤᠬᠠᠢ ᠲᠤᠬᠳᠠᠭᠠᠯ︾ ᠨᠢ ᠦᠪᠡᠷᠳᠡᠭᠡᠨ ᠵᠠᠰᠠᠬᠤ ᠤᠷᠤᠨ ᠤ ᠲᠤᠰ ᠬᠤᠭᠤᠴᠠᠭᠠᠨ ᠤ ᠰᠤᠮᠤ ᠰᠢᠶᠠᠩ | ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠡᠭᠦᠷᠭᠡᠯᠡᠬᠦ ᠬᠤᠭᠤᠴᠠᠭ᠎ᠠ ᠶᠢ | 2017 ᠣᠨ ᠬᠦᠷᠳᠡᠯ᠎ᠡ ᠤᠷᠳᠤᠳᠬᠠᠵᠦ᠂ ᠬᠤᠰᠢᠭᠤ ᠰᠢᠶᠠᠨ ᠤ ᠱᠠᠳᠣᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠲᠠᠢ ᠢᠵᠢᠯ ᠠᠯᠬᠤᠮ ᠢᠶᠠᠷ ᠬᠤᠭᠤᠴᠠᠭ᠎ᠠ ᠰᠤᠯᠢᠬᠤ ᠪᠠᠷ ᠲᠤᠬᠳᠠᠪᠠ᠃ ᠡᠯ᠎ᠠ ᠬᠠᠮᠢᠶ᠎ᠠ ᠪᠦᠭᠦᠢ ᠰᠠᠯᠠᠭ᠎ᠠ | ᠮᠦᠴᠢᠷ ᠲᠦᠪ ᠤᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠲᠤᠬᠠᠢ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ | ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠬᠡᠷᠡᠭᠵᠢᠭᠦᠯᠭᠦ ᠰᠠᠨᠠᠯ ᠢ ᠲᠠᠷᠤᠢ ᠲᠦᠷᠭᠡᠨ ᠳᠣᠭᠳᠠᠭᠠᠵᠣ᠂ | ᠨᠢᠭᠡᠲᠦᠯᠳᠡᠢ ᠲᠦᠯᠦᠪᠵᠢᠭᠦᠯᠦᠨ ᠳᠣᠬᠢᠷᠠᠭᠤᠯᠵᠣ᠂ ᠨᠢᠮᠪᠠᠢ ᠵᠤᠬᠢᠶᠠᠨ ᠪᠠᠶᠢᠭᠤᠯᠵᠦ᠂ ᠠᠯᠬᠤᠮ ᠲᠠᠷᠠᠭ᠎ᠠ ᠲᠠᠢ | ᠠᠬᠢᠭᠤᠯᠵᠣ᠂ ᠦᠨᠡᠨᠴᠢ ᠰᠢᠳᠣᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠭᠡᠯᠡᠬᠦ ᠰᠠᠶᠢᠨ ᠺᠠᠳ᠋ᠷ ᠢ ᠰᠣᠩᠭᠤᠵᠣ᠂ | ᠪᠦᠲᠦᠴᠡ ᠨᠢ ᠰᠢᠯᠢᠳᠡᠭ ᠴᠢᠳᠠᠪᠬᠢ ᠨᠢ ᠴᠢᠩᠭ᠎ᠠ ᠰᠠᠶᠢᠨ ᠪᠠᠭ ᠢ ᠰᠤᠩᠭᠤᠨ ᠭᠠᠷᠭᠠᠬᠤ ᠶᠢ ᠦᠨᠡᠨᠬᠦ ᠪᠠᠳᠤᠯᠠᠵᠦ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠤᠷᠤᠬᠰᠢᠳᠠᠢ ᠬᠡᠷᠡᠭᠵᠢᠭᠦᠯᠦᠭᠳᠡᠭᠦ᠂ ᠴᠢᠨᠡᠭᠡᠯᠢᠢᠡ | ᠨᠡᠶᠢᠭᠡᠮ ᠢ ᠲᠤᠬᠳᠠᠬᠰᠠᠨ ᠴᠠᠭ ᠲᠠᠭᠠᠨ ᠪᠦᠬᠦ ᠲᠠᠯ᠎ᠠ ᠪᠠᠷ ᠪᠡᠶᠡᠯᠡᠭᠦᠯᠭᠦ᠂ ᠡᠭᠡ ᠤᠯᠤᠰ ᠤᠨ ᠤᠮᠠᠷᠠᠳᠤ ᠶᠢᠨ | ᠦᠵᠡᠮᠵᠢ ᠶᠢᠨ ᠣᠷᠣᠨ ᠢ ᠨᠡᠩ ᠦᠵᠡᠰᠭᠦᠯᠠᠩᠳᠤ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠳᠤ ᠪᠠᠳᠤ ᠴᠢᠩᠭ᠎ᠠ | ᠪᠠᠳᠤᠯᠠᠭ᠎ᠠ ᠬᠠᠨᠭ᠍ᠭᠠᠬᠤ ᠬᠡᠷᠡᠭᠳᠡᠢ ᠬᠡᠪᠡ᠃ |