2016 ᠣᠨ ᠤ 1 - 2 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠭᠠᠳᠠᠭᠠᠳᠤ ᠠᠴᠠ 3.7 ᠲᠤᠨ ᠴᠠᠭᠠᠨ ᠢᠳᠡᠭᠡᠨ ᠣᠷᠣᠭᠤᠯᠪᠠ
ᠨᠡᠶᠢᠲᠡᠯᠡᠭᠰᠡᠨ ᠴᠠᠭ᠄
2016/3/31
     ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2016 ᠣᠨ ᠤ  1 - 2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠭᠠᠳᠠᠭᠠᠳᠤ ᠠᠴᠠ 3.7 ᠲᠤᠨ ᠴᠠᠭᠠᠨ ᠢᠳᠡᠭᠡᠨ ᠣᠷᠣᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ︵ᠠᠳᠠᠯᠢ ᠬᠤᠭᠤᠴᠠᠭᠠᠨ ᠤ ᠬᠢ ᠭᠡᠵᠦ ᠲᠣᠪᠴᠢᠯᠠᠨ᠎ᠠ᠂ ᠳᠣᠷᠣᠭᠰᠢ ᠠᠳᠠᠯᠢ︶ 5.7% ᠨᠡᠮᠡᠭᠳᠡᠵᠦ᠂ ᠦᠷᠲᠡᠭ ᠨᠢ 5.3 ᠳ᠋ᠦᠩᠰᠢᠭᠤᠷ ᠲᠦᠬᠦᠷᠢᠭ ᠲᠤ ᠬᠦᠷᠴᠦ᠂ 10.0%᠎ ᠪᠠᠷ ᠪᠠᠭᠤᠷᠠᠭᠰᠠᠨ ᠪᠠᠶᠢᠨ᠎ᠠ᠃ ᠭᠠᠳᠠᠭᠠᠳᠤ ᠠᠴᠠ ᠣᠷᠣᠭᠤᠯᠤᠭᠰᠠᠨ ᠳᠤᠮᠳᠠᠴᠢ ᠦᠨ᠎ᠡ ᠨᠢ ᠲᠣᠨ ᠪᠦᠷᠢ 14412.0 ᠳ᠋ᠦᠩᠰᠢᠭᠤᠷ ᠲᠥᠭᠦᠷᠢᠭ ᠲᠤ ᠬᠦᠷᠴᠦ᠂ 14.8%᠎ ᠪᠠᠷ ᠪᠠᠭᠤᠷᠠᠪᠠ᠃      2016 ᠣᠨ ᠤ  1 - 2 ᠳ᠋ᠤᠭᠠᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠴᠠᠭᠠᠨ ᠢᠳᠡᠭᠡᠨ ᠣᠷᠣᠭᠤᠯᠤᠭᠰᠠᠨ ᠭᠤᠣᠯ ᠣᠨᠴᠠᠯᠢᠭ ᠭᠡᠪᠡᠯ᠄      ︵ᠨᠢᠭᠡ︶ 2 ᠳ᠋ᠤᠭᠠᠷ ᠰᠠᠷ᠎ᠠ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 70% ᠣᠷᠴᠢᠮ ᠬᠠᠰᠤᠭᠳᠠᠪᠠ᠃ 2016 ᠣᠨ ᠤ 1 ᠳ᠋ᠦ᠋ᠭᠡᠷ ᠰᠠᠷ᠎ᠠ ᠳᠤ ᠭᠠᠳᠠᠭᠠᠳᠤ ᠠᠴᠠ 3.3 ᠲᠦᠮᠡᠨ ᠲᠣᠨ ᠣᠷᠣᠭᠤᠯᠵᠤ᠂ ᠣᠶᠢᠷ᠎ᠠ ᠶᠢᠨ 14 ᠰᠠᠷ᠎ᠠ ᠶᠢᠨ ᠬᠠᠮᠤᠭ ᠤᠨ ᠦᠨᠳᠦᠷ ᠴᠢᠭ᠋ ᠪᠣᠯᠵᠤ᠂  ᠵᠥᠪᠬᠡᠨ 2 ᠳ᠋ᠤᠭᠠᠷ ᠰᠠᠷ᠎ᠠ ᠳᠤ ᠭᠠᠳᠠᠭᠠᠳᠤ ᠠᠴᠠ 0.4 ᠲᠦᠮᠡᠨ ᠲᠤᠨ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 66.8% ᠬᠠᠰᠤᠭᠳᠠᠵᠤ᠂ ᠳᠡᠭᠡᠷ᠎ᠡ ᠰᠠᠷ᠎ᠠ ᠶᠢᠨ ᠬᠢ ᠠᠴᠠ 87.3%᠎ ᠪᠠᠷ ᠬᠠᠰᠤᠭᠳᠠᠪᠠ᠃ ᠭᠠᠳᠠᠭᠠᠳᠤ ᠠᠴᠠ ᠣᠷᠣᠭᠤᠯᠬᠤ ᠦᠨ᠎ᠡ ᠨᠢ ᠦᠨᠳᠦᠷ ᠢᠶᠠᠷ ᠡᠬᠢᠯᠡᠨ ᠳᠠᠬᠢᠭᠠᠳ ᠪᠠᠭᠤᠷᠠᠵᠤ᠂ 2 ᠳ᠋ᠤᠭᠠᠷ ᠰᠠᠷ᠎ᠠ ᠶᠢᠨ ᠭᠠᠳᠠᠭᠠᠳᠤ ᠠᠴᠠ ᠣᠷᠣᠭᠤᠯᠤᠭᠰᠠᠨ ᠳᠤᠮᠳᠠᠴᠢ ᠦᠨ᠎ᠡ ᠨᠢ ᠲᠣᠨ ᠪᠦᠷᠢ13784.7 ᠲᠥᠭᠦᠷᠢᠭ ᠲᠤ ᠬᠦᠷᠴᠦ᠂ ᠳᠡᠭᠡᠷ᠎ᠡ ᠰᠠᠷ᠎ᠠ ᠶᠢᠨ ᠬᠢ ᠠᠴᠠ  4.9%᠎ ᠪᠠᠷ ᠪᠠᠭᠤᠷᠠᠪᠠ᠃      ︵ᠬᠤᠶᠠᠷ︶ ᠪᠦᠬᠦᠨ ᠢ ᠡᠩ ᠤᠨ ᠠᠷᠠᠯᠵᠢᠶᠠᠨ ᠤ ᠠᠷᠭ᠎ᠠ ᠬᠡᠯᠪᠡᠷᠢ ᠪᠠᠷ ᠭᠠᠳᠠᠭᠠᠳᠤ ᠠᠴᠠ  ᠣᠷᠣᠭᠤᠯᠪᠠ᠃      ︵ᠭᠤᠷᠪᠠ︶ ᠠᠷᠪᠠᠨ ᠤ ᠶᠢᠰᠦ ᠠᠴᠠ ᠳᠡᠭᠡᠭᠰᠢᠬᠢ ᠶᠢ ᠨᠢ ᠰᠢᠨ᠎ᠡ ᠽᠧᠯᠡᠨᠳ᠋ ᠠᠴᠠ ᠣᠷᠣᠭᠤᠯᠵᠤ᠂ ᠹᠷᠠᠨᠼᠢ ᠠᠴᠠ ᠣᠷᠣᠭᠤᠯᠬᠤ ᠨᠢ ᠲᠥᠷᠭᠡᠨ ᠨᠡᠮᠡᠭᠳᠡᠪᠡ᠃ 2016 ᠣᠨ ᠤ 1 - 2 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯᠳᠠᠭᠤ ᠭᠠᠳᠠᠭᠠᠳᠤ ᠶᠢᠨ 5 ᠤᠯᠤᠰ ᠠᠴᠠ ᠴᠠᠭᠠᠨ ᠢᠳᠡᠭᠡᠨ ᠣᠷᠣᠭᠤᠯᠪᠠ᠃ ᠡᠭᠦᠨ ᠳᠤ ᠰᠢᠨ᠎ᠡ ᠽᠧᠯᠡᠨᠳ᠋ ᠠᠴᠠ 3.4 ᠲᠦᠮᠡᠨ ᠲᠣᠨ ᠣᠷᠣᠭᠤᠯᠵᠤ᠂ 3.5%᠎ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠶᠡᠷᠦᠩᠬᠡᠶ ᠬᠡᠮᠵᠢᠶᠡᠨ ᠤ 92.9%᠎ ᠶᠢ ᠡᠵᠡᠯᠡᠪᠡ᠃ ᠥᠷᠲᠡᠭ ᠨᠢ 5.0 ᠳ᠋ᠦᠩᠰᠢᠭᠤᠷ ᠲᠥᠭᠦᠷᠢᠭ ᠲᠤ ᠬᠦᠷᠴᠦ᠂ 10.9%᠎ ᠪᠠᠷ ᠪᠠᠭᠤᠷᠠᠪᠠ᠃ ᠹᠷᠠᠨᠼᠢ ᠠᠴᠠ 775.9 ᠲᠣᠨ ᠣᠷᠣᠭᠤᠯᠵᠤ᠂ 2.4 ᠳᠠᠬᠢᠨ ᠨᠡᠮᠡᠭᠳᠡᠵᠦ᠂ ᠥᠷᠲᠡᠭ ᠨᠢ 753.7 ᠲᠦᠮᠡᠨ ᠲᠥᠭᠦᠷᠢᠭ ᠲᠤ ᠬᠦᠷᠴᠦ᠂ 58.8%᠎ ᠪᠠᠷ ᠨᠡᠮᠡᠭᠳᠡᠪᠡ᠃      ︵ᠲᠦᠷᠪᠡ︶ ᠠᠷᠪᠠᠨ ᠤ ᠨᠠᠢᠮᠠᠨ ᠬᠤᠪᠢ ᠠᠴᠠ ᠳᠡᠭᠡᠭᠰᠢᠬᠢ ᠨᠢ ᠨᠤᠨᠲᠠᠭ᠂ ᠮᠥᠬᠦᠯᠢᠭ ᠬᠡᠯᠪᠡᠷᠢ ᠪᠤᠶᠤ ᠪᠤᠰᠤᠳ ᠬᠠᠲᠠᠭᠤ ᠬᠡᠯᠪᠡᠷᠢᠲᠦ ᠰᠦ ᠵᠢᠴᠢ ᠵᠥᠭᠡᠭᠡᠢ᠂  ᠠᠭᠤᠯᠤᠭᠳᠠᠬᠤ ᠥᠭᠡᠬᠦ ᠶᠢᠨ ᠬᠡᠮᠵᠢᠶ᠎ᠡ ᠨᠢ 1.5 %᠎ ᠠᠴᠠ ᠳᠡᠭᠡᠭᠰᠢ ᠪᠠᠶᠢᠵᠤ᠂ ᠰᠢᠬᠢᠷ ᠪᠤᠶᠤ ᠪᠤᠰᠤᠳ ᠰᠢᠬᠢᠷᠯᠢᠭ ᠪᠣᠳᠠᠰ ᠨᠡᠮᠡᠭᠰᠡᠨ ᠦᠭᠡᠢ ᠪᠠᠶᠢᠳᠠᠭ᠃ 2016 ᠣᠨ ᠤ 1- 2 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠠᠳᠠᠭᠠᠳᠤ ᠠᠴᠠ ᠠᠭᠤᠯᠤᠭᠳᠠᠬᠤ ᠥᠭᠡᠬᠦ ᠶᠢᠨ ᠬᠡᠮᠵᠢᠶ᠎ᠡ ᠨᠢ 1.5%᠎ ᠠᠴᠠ ᠳᠡᠭᠡᠭᠰᠢ᠂ ᠰᠢᠬᠢᠷ ᠪᠤᠶᠤ ᠪᠤᠰᠤᠳ ᠰᠢᠬᠢᠷᠯᠢᠭ ᠪᠣᠳᠠᠰ ᠨᠡᠮᠡᠭᠰᠡᠨ ᠦᠭᠡᠢ ᠨᠤᠨᠲᠠᠭ᠂ ᠮᠥᠬᠦᠯᠢᠭ ᠬᠡᠯᠪᠡᠷᠢ ᠪᠤᠶᠤ ᠪᠤᠰᠤᠳ ᠬᠠᠲᠠᠭᠤ ᠪᠡᠶᠡᠲᠦ ᠰᠦ ᠵᠢᠴᠢ ᠵᠦᠭᠡᠭᠡᠢ ᠶᠢ 3.0 ᠲᠦᠮᠡᠨ ᠲᠣᠨ ᠣᠷᠣᠭᠤᠯᠵᠤ᠂ 3.7%᠎ ᠪᠠᠷ ᠬᠠᠰᠤᠭᠳᠠᠨ᠂ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠶᠡᠷᠦᠩᠬᠡᠶ ᠬᠡᠮᠵᠢᠶ᠎ᠡ ᠶᠢᠨ 81.1%᠎ ᠶᠢ ᠡᠵᠡᠯᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号