ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠦᠬᠦᠯᠢ | ᠴᠣᠭᠴᠠ ᠶᠢᠨ ᠬᠢᠷᠢ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠬᠦ ᠶᠢ ᠳᠠᠭᠠᠯᠳᠤᠨ᠂ ᠮᠡᠷᠭᠡᠵᠢᠯ ᠤᠨ ᠴᠣᠯᠠ ᠶᠢ ᠬᠢᠨᠠᠨ | ᠰᠢᠯᠭᠠᠷᠠᠭᠤᠯᠬᠤ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠤᠰᠠᠳᠠ᠂ | 2012 ᠣᠨ ᠠᠴᠠ ᠨᠠᠰᠢ᠂ ᠥᠪᠥᠷ ᠮᠣᠩᠭᠤᠯ ᠡᠯ᠎ᠡ ᠳᠡᠭᠡᠳᠦ ᠵᠡᠷᠭᠡ ᠶᠢᠨ ᠴᠣᠯᠠ ᠶᠢ ᠬᠢᠨᠠᠨ ᠰᠢᠯᠭᠠᠷᠠᠭᠤᠯᠬᠤ | ᠺᠣᠮᠢᠰ ᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠡᠯ᠎ᠡ ᠮᠡᠷᠭᠡᠵᠢᠯ ᠤᠨ ᠴᠣᠯᠠ ᠶᠢ ᠬᠢᠨᠠᠨ | ᠰᠢᠯᠭᠠᠷᠠᠭᠤᠯᠬᠤ ᠨᠥᠬᠦᠴᠡᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠡᠢ᠃ ᠡᠭᠦᠨ ᠳᠤ᠂ 2015 ᠣᠨ ᠪᠣᠯᠬᠤ | ᠳᠤ ᠨᠡᠶᠢᠳᠡ 22 ᠰᠠᠯᠪᠤᠷᠢ᠂ 48 ᠬᠤᠪᠢ ᠲᠤᠰᠬᠠᠶ ᠮᠡᠷᠭᠡᠵᠢᠯ ᠤᠨ ᠬᠢᠨᠠᠨ ᠰᠢᠯᠭᠠᠷᠠᠭᠤᠯᠬᠤ ᠨᠥᠬᠦᠴᠡᠯ ᠳᠤ | ᠵᠠᠰᠠᠪᠤᠷᠢ ᠣᠷᠣᠭᠤᠯᠵᠤ᠂ 2015 ᠣᠨ ᠤ ᠵᠢᠯ ᠤᠨ ᠡᠴᠦᠰ ᠠᠴᠠ ᠡᠮᠦᠨ᠎ᠡ ᠪᠥᠬᠦᠨ ᠢ ᠳᠠᠷᠤᠮᠠᠯᠯᠠᠨ ᠲᠠᠷᠬᠠᠭᠠᠵᠤ᠂ | 2017 ᠣᠨ ᠳᠤ ᠪᠦᠬᠦ ᠲᠠᠯ᠎ᠠ ᠪᠠᠷ ᠬᠡᠷᠡᠭᠵᠢᠭᠦᠯᠬᠦ ᠪᠣᠯᠣᠨ᠎ᠠ᠃ ᠥᠩᠭᠡᠷᠡᠭᠰᠡᠨ ᠤ ᠬᠢᠨᠠᠨ ᠰᠢᠯᠭᠠᠷᠠᠭᠤᠯᠬᠤ ᠨᠥᠬᠦᠴᠡᠯ | ᠢ ᠦᠷᠭᠦᠯᠵᠢᠯᠡᠨ ᠬᠡᠷᠡᠭᠯᠡᠬᠦ ᠶᠢᠨ ᠬᠠᠮᠲᠤ᠂ ᠬᠢᠨᠠᠨ ᠰᠢᠯᠭᠠᠷᠠᠭᠤᠯᠬᠤ ᠨᠥᠬᠦᠴᠡᠯ ᠤᠨ ᠰᠤᠷᠲᠠᠯ ᠤᠬᠠᠭᠤᠯᠭ᠎ᠠ ᠶᠢᠨ | ᠠᠵᠢᠯ ᠢ ᠰᠠᠶᠢᠨ ᠬᠢᠬᠦ ᠬᠡᠷᠡᠭᠲᠡᠶ᠃ ᠣᠶᠢᠯᠠᠭᠠᠭᠰᠠᠨ ᠢᠶᠠᠷ᠂ ᠬᠢᠨᠠᠨ ᠰᠢᠯᠭᠠᠷᠠᠭᠤᠯᠬᠤ ᠰᠢᠨ᠎ᠡ ᠨᠥᠬᠦᠴᠡᠯ ᠨᠢ ᠵᠠᠩ | ᠮᠣᠷᠠᠯ᠂ ᠴᠢᠳᠠᠪᠤᠷᠢ ᠬᠢᠭᠡᠳ ᠠᠵᠢᠯ ᠪᠠ ᠬᠤᠰᠢᠭᠤ ᠰᠢᠶᠠᠨ᠂ ᠰᠢᠶᠠᠩ ᠪᠠᠯᠭᠠᠰᠤ ᠨᠡᠶᠢᠭᠡᠮ ᠲᠣᠭᠤᠷᠢᠭ ᠵᠡᠷᠭᠡ | ᠦᠨᠳᠦᠰᠦᠨ ᠱᠠᠲᠤᠨ ᠤ ᠡᠮᠦᠨ᠎ᠡ ᠹᠷᠣᠨᠲ ᠤᠨ ᠲᠤᠰᠬᠠᠶ ᠮᠡᠷᠭᠡᠵᠢᠯᠲᠡᠨ ᠲᠡᠰᠢ ᠬᠡᠯᠪᠠᠶᠢᠯᠭᠡᠬᠦ ᠬᠥᠮᠦᠨ ᠬᠡᠷᠡᠭᠯᠡᠬᠦ | ᠤᠳᠤᠷᠢᠳᠤᠮᠵᠢ᠂ ᠦᠨᠡᠯᠡᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠯᠭᠠᠬᠤ ᠶᠢ ᠠᠩᠬ᠎ᠠ ᠠᠯᠬᠤᠮ | ᠪᠦᠷᠢᠯᠳᠦᠭᠦᠯᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠢᠨᠠᠨ ᠰᠢᠯᠭᠠᠷᠠᠭᠤᠯᠬᠤ ᠨᠥᠬᠦᠴᠡᠯ ᠢ ᠳᠥᠷᠪᠡᠨ | ᠲᠥᠷᠥᠯ ᠢᠶᠠᠷ ᠠᠩᠭᠢᠯᠠᠵᠤ᠂ ᠲᠤᠬᠠᠶᠢᠯᠠᠪᠠᠯ ᠡᠷᠡᠭᠦᠯ ᠬᠠᠮᠠᠭᠠᠯᠠᠯ ᠤᠨ ᠰᠢᠰᠲ᠋ᠧᠮ᠂ ᠪᠠᠷᠢᠯᠭ᠎ᠠ ᠶᠢᠨ ᠰᠢᠰᠲ᠋ᠧᠮ᠂ | ᠰᠣᠶᠣᠯ ᠤᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ ᠪᠣᠯᠣᠨ᠎ᠠ᠃ ᠪᠣᠳᠠᠲᠠᠶ ᠣᠨᠴᠠᠯᠢᠭ ᠨᠢ ᠠᠭᠤᠯᠭ᠎ᠠ ᠨᠢ | ᠲᠣᠪᠴᠢ ᠠᠪᠰᠠᠷᠬᠠᠨ᠂ ᠠᠵᠢᠯ ᠤᠨ ᠠᠭᠤᠯᠭ᠎ᠠ ᠶᠢ ᠬᠡᠮᠵᠢᠶᠡᠵᠢᠭᠦᠯᠵᠦ᠂ ᠠᠵᠢᠯ ᠤᠨ ᠪᠠᠶᠢᠷᠢ ᠳᠤ ᠤᠷᠢᠨ | ᠲᠣᠮᠢᠯᠠᠬᠤ ᠶᠢ ᠳᠣᠪᠣᠶᠢᠯᠭᠠᠵᠤ᠂ ᠠᠮᠵᠢᠯᠲᠠ ᠪᠦᠲᠦᠭᠡᠯ ᠤᠨ ᠱᠠᠭᠠᠷᠳᠠᠯᠭ᠎ᠠ ᠶᠢ ᠴᠢᠩᠭᠠᠷᠠᠭᠤᠯᠵᠤ᠂ ᠦᠨᠳᠦᠰᠦᠨ | ᠱᠠᠲᠤᠨ ᠤ ᠡᠮᠦᠨ᠎ᠡ ᠹᠷᠣᠨᠲ ᠵᠦᠭ ᠬᠡᠯᠪᠡᠶᠢᠯᠭᠡᠬᠦ ᠪᠠᠷ ᠢᠯᠡᠷᠡᠵᠦ ᠪᠣᠢ᠃ |