ᠯᠢ ᠺᠧ ᠴᠢᠶᠠᠩ᠄ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ ᠣᠷᠣᠯᠠᠭᠴᠢ ᠪᠠᠭᠰᠢ ᠶᠢᠨ ᠠᠰᠠᠭᠤᠳᠠᠯ ᠢ ᠰᠢᠢᠳᠪᠦᠷᠢᠯᠡᠨ᠎ᠠ
ᠨᠡᠶᠢᠲᠡᠯᠡᠭᠰᠡᠨ ᠴᠠᠭ᠄
2016/3/7
   
     ᠯᠢ ᠺᠧ ᠴᠢᠶᠠᠩ 6᠎ ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠱᠠᠨᠳᠦ᠋ᠩ ᠮᠤᠵᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠬᠤᠷᠠᠯ ᠳᠤ ᠣᠷᠣᠯᠴᠠᠬᠤ ᠳᠠᠭᠠᠨ᠂ ᠵᠠᠷᠢᠮ ᠲᠥᠯᠥᠭᠡᠯᠡᠭᠴᠢ ᠬᠥᠳᠡᠭᠡ ᠲᠣᠰᠬᠤᠨ ᠳᠤ ᠰᠤᠷᠭᠠᠨ ᠬᠥᠮᠦᠵᠢᠯ ᠤᠨ ᠴᠢᠳᠠᠪᠤᠷᠢᠲᠠᠨ ᠢ ᠦᠯᠡᠳᠡᠭᠡᠵᠦ ᠳᠡᠶᠢᠯᠬᠦ ᠦᠭᠡᠢ ᠪᠠᠶᠢᠬᠤ ᠦᠵᠡᠭᠳᠡᠯ ᠤᠨ ᠲᠤᠬᠠᠢ ᠰᠠᠨᠠᠯ ᠢᠶᠠᠨ ᠳᠤᠷᠠᠳᠪᠠ᠃ ᠶᠡᠷᠦᠩᠬᠡᠶ ᠰᠠᠶᠢᠳ ᠬᠡᠯᠡᠭᠰᠡᠨ ᠨᠢ᠂ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠶᠢᠨ ᠰᠠᠭᠤᠷᠢ ᠪᠣᠯ ᠰᠤᠷᠭᠠᠨ ᠬᠥᠮᠥᠵᠢᠯ ᠪᠣᠯᠣᠨ᠎ᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠶᠢᠨ ᠠᠰᠠᠭᠤᠳᠠᠯ ᠢ ᠰᠢᠢᠳᠪᠦᠷᠢᠯᠡᠭᠰᠡᠨ ᠤ ᠲᠠᠷᠠᠭ᠎ᠠ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠡᠷᠡᠭᠰᠡᠬᠦ ᠬᠡᠷᠡᠭᠴᠡᠭᠡ ᠨᠡᠮᠡᠭᠳᠡᠬᠦ ᠶᠢ ᠳᠠᠭᠠᠯᠳᠤᠭᠠᠳ᠂ ᠣᠷᠣᠯᠠᠭᠴᠢ ᠪᠠᠭᠰᠢ ᠶᠢᠨ ᠠᠰᠠᠭᠤᠳᠠᠯ ᠢᠯᠡᠷᠡᠨ ᠭᠠᠷᠴᠠᠢ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ ᠰᠢᠢᠳᠪᠦᠷᠢᠯᠡᠵᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号