ᠶᠡᠷᠦᠩᠬᠡᠶ ᠰᠠᠶᠢᠳ ᠤᠨ ᠢᠯᠡᠳᠬᠡᠯ ᠳᠠᠬᠢ ᠡᠨᠡ ᠨᠢᠭᠡ ᠦᠭᠡ ᠶᠢ ᠲᠥᠯᠥᠭᠡᠯᠡᠭᠴᠢ ᠭᠡᠰᠢᠭᠦᠳ ᠬᠠᠯᠠᠭᠤᠨ ᠎ ᠢᠶᠠᠷ ᠶᠠᠷᠢᠯᠴᠠᠵᠠᠭᠠᠪᠠ
ᠨᠡᠶᠢᠲᠡᠯᠡᠭᠰᠡᠨ ᠴᠠᠭ᠄
2016/3/7
     ︽ᠶᠡᠷᠦᠩᠬᠡᠶ ᠰᠠᠶᠢᠳ ᠢᠯᠡᠳᠬᠡᠯ ᠳᠡᠭᠡᠨ᠂ ︿ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 30 ᠭᠠᠷᠤᠶ ᠵᠢᠯ ᠳᠤ ᠣᠯᠣᠭᠰᠠᠨ ᠭᠢᠯᠠᠯᠵᠠᠭᠰᠠᠨ ᠠᠮᠵᠢᠯᠲᠠ ᠶᠢ ᠪᠣᠯ ᠥᠷᠭᠡᠨ ᠤᠯᠠᠨ ᠺᠠᠳ᠋ᠷ ᠣᠯᠠᠨ ᠲᠦᠮᠡᠨ  ᠪᠦᠲᠦᠭᠡᠭᠰᠡᠨ ᠶᠤᠮ﹀ ᠡᠨᠡ ᠦᠭᠡ ᠨᠢ ᠪᠢᠳᠠᠨ ᠢ ᠲᠣᠩ ᠣᠮᠣᠭᠰᠢᠭᠤᠯᠤᠨ ᠵᠣᠷᠢᠭᠵᠢᠭᠤᠯᠪᠠ᠃ ᠪᠢᠳᠡ ᠣᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠤᠨ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠪᠠᠯ᠂ ᠶᠠᠭ ᠶᠡᠷᠦᠩᠬᠡᠶ ᠰᠠᠶᠢᠳ ᠤᠨ ᠬᠡᠯᠡᠭᠰᠡᠨᠴᠢᠯᠡᠨ᠂ ᠳᠤᠮᠳᠠᠳᠤ ᠤᠯᠤᠰ ᠤᠨ ᠠᠵᠤ ᠠᠬᠤᠶ ᠲᠠᠬᠢᠵᠤ ᠠᠮᠢᠯᠠᠨ ᠬᠦᠭᠵᠢᠵᠦ᠂ ᠭᠢᠯᠠᠯᠵᠠᠭᠰᠠᠨ ᠠᠮᠵᠢᠯᠲᠠ ᠣᠯᠵᠤ ᠴᠢᠳᠠᠨ᠎ᠠ︾ ᠭᠡᠵᠦ 3 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ ᠂ ᠶᠡᠷᠦᠩᠬᠡᠶ ᠰᠠᠶᠢᠳ ᠯᠢ ᠺᠢ ᠴᠢᠶᠠᠩ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠱᠠᠨᠳᠦ᠋ᠩ ᠮᠤᠵᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ  ᠵᠥᠪᠯᠡᠬᠦ ᠳᠤ ᠣᠷᠣᠯᠴᠠᠬᠤ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠡᠾᠧ ᠽᠧ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠨ ᠠᠢ ᠵᠢᠶᠦ᠋ᠨ ᠬᠡᠯᠡᠵᠦ ᠪᠢᠯᠡ᠃      ᠬᠡᠷᠡᠭ ᠳᠡᠭᠡᠷ᠎ᠡ ᠪᠠᠨ᠂ ᠥᠴᠥᠭᠡᠳᠦᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠡᠬᠢᠯᠡᠬᠦ ᠶᠣᠰᠣᠯᠠᠯ ᠳᠡᠭᠡᠷ᠎ᠡ᠂ ᠯᠢ ᠺᠢ ᠴᠢᠶᠠᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎  ᠬᠢᠬᠦ ᠳᠤ᠄ ︽ᠤᠷᠮᠠᠰᠢᠭᠤᠯᠬᠤ ᠲᠣᠭᠲᠠᠴᠠ ᠪᠣᠯᠣᠨ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠴᠢ ᠳᠤ ᠲᠦᠰᠢᠭ ᠲᠤᠯᠭᠠᠭᠤᠷᠢ ᠪᠤᠯᠵᠤ᠂ ᠡᠷᠴᠢ ᠵᠣᠷᠢᠭ ᠢ ᠨᠢ ᠬᠦᠪᠴᠢᠯᠡᠨ᠂ ᠥᠷᠭᠡᠨ ᠣᠯᠠᠨ ᠺᠠᠳ᠋ᠷ ᠢ ᠳᠤᠷᠠᠲᠠᠢ ᠠᠵᠢᠯᠯᠠᠭᠤᠯᠵᠤ᠂ ᠵᠣᠷᠢᠭᠲᠠᠢ ᠠᠵᠢᠯᠯᠠᠭᠤᠯᠵᠤ᠂ ᠤᠴᠢᠷ ᠶᠠᠪᠤᠳᠠᠯ ᠪᠦᠲᠦᠭᠡᠯᠭᠡᠨ᠎ᠡ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 30 ᠭᠠᠷᠤᠶ ᠵᠢᠯ ᠎ ᠳᠤ ᠣᠯᠣᠭᠰᠠᠨ ᠭᠢᠯᠠᠯᠵᠠᠭᠰᠠᠨ ᠠᠮᠵᠢᠯᠲᠠ ᠶᠢ ᠪᠣᠯ ᠥᠷᠭᠡᠨ ᠤᠯᠠᠨ ᠺᠠᠳ᠋ᠷ ᠤᠯᠠᠨ ᠲᠦᠮᠡᠨ ᠪᠦᠲᠦᠭᠡᠭᠰᠡᠨ ᠶᠤᠮ︾ ᠭᠡᠬᠦ ᠳᠤ ᠣᠯᠠᠨ ᠢᠶᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠠᠢ᠃
     ᠲᠤᠰ ᠡᠳᠦᠷ ᠱᠠᠨᠳᠦ᠋ᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠯᠢ ᠺᠧ ᠴᠢᠶᠠᠩ ᠶᠠᠷᠢᠶᠠᠨ ᠳᠠᠭᠠᠨ᠂ ᠣᠳᠣᠬᠠᠨ ᠤ ᠳᠤᠮᠳᠠᠳᠤ ᠤᠯᠤᠰ ᠳᠤ  ᠳᠡᠯᠡᠭᠡᠢ ᠶᠢᠨ  ᠨᠠᠷᠢᠨ ᠪᠤᠳᠤᠯᠢᠶᠠᠨ ᠲᠠᠢ ᠪᠠᠶᠢᠳᠠᠯ ᠪᠣᠯᠣᠨ ᠤᠯᠤᠰ ᠤᠨ ᠳᠣᠲᠣᠭᠠᠳᠤ ᠶᠢᠨ ᠭᠦᠨ ᠳᠠᠪᠬᠤᠷᠭ᠎ᠠ ᠶᠢᠨ ᠵᠥᠷᠢᠴᠡᠯ ᠳᠠᠪᠬᠤᠷᠯᠠᠨ ᠲᠣᠯᠭᠠᠷᠠᠵᠤ ᠪᠤᠢ᠂ ᠥᠷᠭᠡᠨ ᠤᠯᠠᠨ ᠺᠠᠳ᠋ᠷ ᠤᠯᠠᠨ ᠲᠦᠮᠡᠨ ᠦᠨᠡᠨ ᠪᠣᠳᠠᠲᠠᠶ ᠠᠵᠢᠯᠯᠠᠬᠤ ᠵᠣᠷᠢᠭ ᠰᠠᠨᠠᠭ᠎ᠠ ᠎ ᠪᠠᠨ ᠪᠠᠳᠠᠷᠠᠭᠤᠯᠵᠤ᠂ ᠨᠡᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠥᠷᠢᠰᠥᠯᠳᠦᠭᠡᠨ ᠢ ᠠᠷᠭᠠᠴᠠᠵᠤ᠂ ᠳᠤᠮᠳᠠᠳᠤ ᠤᠯᠤᠰ ᠤᠨ ᠠᠵᠤ ᠠᠬᠤᠶ ᠶᠢᠨ ᠠᠵᠢᠯᠯᠠᠭ᠎ᠠ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ      ︽ᠪᠢᠳᠡ GDP᠎ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠦᠭᠡᠢ᠂ ᠭᠡᠪᠡᠴᠦ ᠭᠦᠭᠵᠢᠯᠲᠡ ᠶᠢᠨ ᠬᠤᠷᠳᠤᠴᠠ ᠡᠷᠬᠡᠪᠰᠢ ᠲᠣᠬᠢᠷᠠᠮᠵᠢᠲᠠᠶ᠂ ᠵᠦᠢ ᠵᠣᠬᠢᠰᠲᠠᠶ ᠪᠠᠶᠢᠮᠠᠨᠵᠢᠨ ᠰᠠᠶ᠋ᠢ ᠠᠵᠢᠯ ᠣᠯᠭᠤᠯᠲᠠ ᠶᠢ  ᠪᠠᠲᠤᠯᠠᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠠᠷᠠᠯᠲᠠ ᠶᠢ ᠪᠡᠶᠡᠯᠡᠭᠦᠯᠵᠦ ᠴᠢᠳᠠᠨ᠎ᠠ︾  ᠭᠡᠵᠡᠢ᠃      ᠯᠢ ᠺᠧ ᠴᠢᠶᠠᠩ ᠵᠠᠳᠠᠯᠬᠤ ᠳᠠᠭᠠᠨ᠂ ᠣᠳᠣᠬᠠᠨ ᠤ ᠤᠯᠤᠰ ᠤᠨ ᠳᠣᠲᠣᠭᠠᠳᠤ ᠶᠢᠨ ᠠᠳᠠᠯᠢ ᠪᠤᠰᠤ ᠭᠠᠵᠠᠷ ᠣᠷᠣᠨ᠂ ᠠᠵᠢᠯ ᠲᠥᠷᠥᠯ ᠳᠤ ᠵᠠᠳᠠᠷᠠᠬᠤ ᠬᠠᠨᠳᠤᠰᠢ ᠭᠠᠷᠴᠤ ᠪᠤᠢ᠃ ᠬᠠᠳᠤᠨ ᠭᠤᠣᠯ ᠠᠴᠠ ᠡᠮᠦᠨᠡᠬᠢ ᠭᠠᠵᠠᠷ ᠣᠷᠣᠨ ᠤ ᠨᠡᠮᠡᠭᠳᠡᠯ ᠨᠢ ᠲᠣᠭᠲᠠᠭᠤᠨ ᠪᠠᠶᠢᠲᠠᠯ᠎ᠠ ᠬᠠᠲᠤᠨ ᠭᠤᠣᠯ ᠤᠨ ᠬᠤᠶᠢᠲᠤ ᠲᠠᠯ᠎ᠠ ᠶᠢᠨ ᠮᠠᠰᠢ ᠤᠯᠠᠨ ᠮᠤᠵᠢ ᠎ ᠨᠤᠭᠤᠳ ᠲᠤ ᠬᠠᠷᠢᠨ ᠨᠡᠯᠢᠶᠡᠳ ᠶᠡᠭᠡ ᠳᠠᠷᠤᠯᠲᠠ ᠲᠤᠯᠭᠠᠷᠠᠵᠤ ᠪᠠᠶᠢᠨ᠎ᠠ ᠭᠡᠪᠡ᠃      ︽ᠰᠠᠶ᠋ᠢ ᠶᠢᠨ ᠬᠡᠳᠦᠨ ᠲᠥᠯᠥᠭᠡᠯᠡᠭᠴᠢ ᠴᠥᠮ ︿ᠰᠢᠨ᠎ᠡ ᠬᠥᠳᠡᠯᠭᠡᠭᠴᠢ ᠡᠨᠧᠷᠭᠢ﹀᠎ ᠶᠢ ᠶᠠᠷᠢᠵᠠᠢ︾᠃ ᠯᠢ ᠺᠧ ᠴᠢᠶᠠᠩ ᠲᠥᠯᠥᠭᠡᠯᠡᠭᠴᠢᠳ ᠤᠨ ᠶᠠᠷᠢᠭᠰᠠᠨ ᠭᠡᠷ ᠠᠬᠤᠢ ᠶᠢᠨ ᠦᠢᠯᠡᠴᠢᠯᠡᠭᠡ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠪᠠᠯ ᠴᠢᠯᠠᠭᠤᠨ ᠠᠯᠺᠤᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠵᠡᠷᠭᠡ ᠰᠡᠳᠦᠪ ᠲᠤ ᠬᠠᠨᠳᠤᠭᠤᠯᠵᠤ ᠬᠡᠯᠡᠭᠰᠡᠨ ᠨᠢ᠂ ︽ᠪᠢᠳᠡ ᠪᠠᠭᠤᠷᠠᠬᠤ ᠳᠠᠷᠤᠯᠲᠠ ᠶᠢ ᠡᠰᠡᠷᠭᠦᠴᠡᠨ ᠲᠤᠯᠵᠤ᠂ ᠳᠤᠮᠳᠠᠳᠤ ᠤᠯᠤᠰ ᠤᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠶ᠎ᠠ ᠭᠡᠪᠡᠯ᠂ ᠰᠢᠨ᠎ᠡ ᠬᠠᠭᠤᠴᠢᠨ  ᠬᠦᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠯᠬᠢᠨ ᠠᠬᠢᠭᠤᠯᠵᠤ᠂ ᠤᠯᠠᠮᠵᠢᠯᠠᠯᠲᠤ ᠬᠦᠳᠡᠯᠭᠡᠭᠴᠢ ᠡᠨᠧᠷᠭᠢ ᠶᠢ ᠥᠭᠡᠷᠡᠴᠢᠯᠡᠬᠦ ᠶᠢᠨ ᠬᠠᠮᠲᠤ᠂ ᠰᠢᠨ᠎ᠡ ᠬᠥᠳᠡᠯᠭᠡᠭᠴᠢ ᠡᠨᠧᠷᠭᠢ ᠶᠢ ᠶᠡᠬᠡᠪᠡᠷ ᠪᠣᠶᠢᠵᠢᠭᠤᠯᠬᠤ ᠴᠢᠬᠤᠯᠠᠲᠠᠢ︾  ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号