ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠦᠬᠦ ᠪᠦᠯᠬᠦᠮ ᠤᠨ ᠬᠤᠷᠠᠯ ᠬᠤᠷᠠᠯᠳᠤᠭᠤᠯᠵᠤ  ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠦᠷᠭᠦᠯᠵᠢᠯᠡᠨ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2016/3/7
      3 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠪᠦᠬᠦ ᠪᠦᠯᠬᠦᠮ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠢ ᠦᠷᠭᠦᠯᠵᠢᠯᠡᠨ ᠬᠢᠨᠠᠨ ᠵᠦᠪᠯᠡᠪᠡ᠃ ᠲᠥᠷᠦ ᠶᠢᠨ ᠶᠠᠪᠤᠳᠠᠯ ᠤᠨ ᠭᠡᠰᠢᠭᠦᠨ ᠸᠠᠩ ᠶᠥᠩ ᠮᠠᠨ ᠤ ᠤᠷᠤᠨ ᠤ ᠲᠦᠯᠦᠭᠡᠯᠡᠭᠴᠢᠳ ᠢ ᠡᠷᠭᠢᠨ ᠦᠵᠡᠬᠦ ᠶᠢᠨ ᠬᠠᠮᠲᠤ ᠬᠢᠨᠠᠨ ᠵᠦᠪᠯᠡᠬᠦ ᠳᠤ ᠣᠷᠤᠯᠴᠠᠪᠠ᠃      3 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠤᠭᠠᠨ ᠳᠤ ᠣᠷᠣᠯᠴᠠᠵᠣ ᠪᠠᠶᠢᠭ᠎ᠠ ᠮᠠᠨ ᠤ ᠤᠷᠤᠨ ᠤ ᠲᠦᠯᠦᠭᠡᠯᠡᠭᠴᠢᠳ ᠤᠨ ᠪᠦᠯᠬᠦᠮ ᠪᠦᠬᠦ ᠪᠦᠯᠬᠦᠮ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠦᠷᠭᠦᠯᠵᠢᠯᠡᠨ ᠬᠢᠨᠠᠨ ᠵᠦᠪᠯᠡᠪᠡ᠃      ᠲᠦᠷᠦ ᠶᠢᠨ ᠶᠠᠪᠣᠳᠠᠯ ᠤᠨ ᠭᠡᠰᠢᠭᠦᠨ ᠸᠠᠩ ᠶᠦᠩ ᠮᠠᠨ ᠤ ᠣᠷᠣᠨ ᠤ ᠲᠦᠯᠦᠭᠡᠯᠡᠭᠴᠢᠳ ᠢ ᠡᠷᠭᠢᠨ ᠦᠵᠡᠬᠦ ᠶᠢᠨ ᠬᠠᠮᠳᠣ ᠬᠢᠨᠠᠨ ᠵᠦᠪᠯᠡᠬᠦ ᠳᠤ ᠣᠷᠣᠯᠴᠠᠵᠣ᠂ ᠸᠠᠩ ᠵᠢᠶᠦ᠋ᠨ ᠬᠤᠷᠠᠯ ᠡᠷᠬᠢᠯᠡᠪᠡ᠃      ᠪᠠᠭᠠᠳᠣᠷ᠂ ᠯᠢᠶᠠᠨ ᠰᠦ᠋᠂ ᠴᠠᠩ ᠵᠢᠶᠦ᠋ᠨ ᠵᠧᠩ᠂ ᠵᠠᠩ ᠯᠢ ᠫᠢᠩ᠂ ᠹᠸᠢ ᠳ᠋ᠦᠩ ᠪᠢᠨ᠂ ᠪᠣᠣ ᠮᠠᠨᠳᠠ᠂ ᠡᠷᠳᠡᠨᠢᠭᠡᠷᠡᠯ ᠵᠡᠷᠭᠡ ᠲᠦᠯᠦᠭᠡᠯᠡᠭᠴᠢ ᠶᠠᠷᠢᠶ᠎ᠠ ᠲᠠᠯᠪᠢᠪᠠ᠃ ᠣᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠳᠣᠭᠤᠷᠢᠨ ᠳᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦᠰᠢᠢᠳᠪᠦᠷᠢᠳᠤ ᠱᠠᠳᠣᠨ ᠤ ᠢᠯᠠᠯᠳᠠ ᠶᠢ ᠳᠡᠮᠡᠴᠡᠨ ᠣᠯᠬᠤ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠶᠡᠬᠡᠪᠡᠷ ᠴᠢᠩᠭᠠᠳᠬᠠᠬᠤ᠂ ᠣᠯᠣᠰ ᠤᠨ ᠦᠮᠴᠢᠯᠡᠯᠲᠦ ᠠᠵᠣ ᠠᠬᠤᠢᠢᠯᠠᠯ ᠤᠨ ᠦᠭᠡᠷᠡᠴᠢᠯᠡᠯᠳᠡ ᠬᠦᠭᠵᠢᠯᠳᠡ ᠶᠢ ᠠᠬᠢᠭᠤᠯᠬᠤ᠂ ᠠᠵᠣ ᠠᠬᠤᠢ ᠨᠡᠶᠢᠭᠡᠮ ᠤᠨ ᠬᠦᠭᠵᠢᠯᠳᠡ ᠳᠤ ᠡᠬᠢ ᠪᠠᠶᠠᠯᠢᠭ ᠤᠨ ᠪᠠᠳᠣᠯᠠᠭ᠎ᠠ ᠬᠠᠩᠭᠠᠬᠤ᠂ ᠠᠵᠣ ᠠᠬᠤᠢ ᠨᠡᠶᠢᠭᠡᠮ ᠤᠨ ᠬᠦᠭᠵᠢᠯᠳᠡ ᠳᠠᠬᠢ ᠳᠡᠮᠦᠷ ᠵᠠᠮ ᠤᠨ ᠴᠢᠬᠤᠯᠠ ᠦᠢᠯᠡᠳᠦᠯ ᠢ ᠪᠠᠳᠠᠷᠠᠭᠤᠯᠬᠤ᠂ ᠠᠵᠣ ᠠᠬᠤᠢ ᠶᠢᠨ ᠬᠦᠭᠵᠢᠯᠳᠡ ᠶᠢᠨ ᠶᠠᠰᠣ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠬᠤ ᠵᠡᠷᠭᠡ ᠳᠠᠯ᠎ᠠ ᠪᠠᠷ ᠰᠠᠨᠠᠯ ᠰᠠᠨᠠᠭᠤᠯᠭ᠎ᠠ ᠎ ᠪᠠᠨ ᠳᠤᠷᠠᠳᠪᠠ᠃      ᠲᠦᠯᠦᠭᠡᠯᠡᠭᠴᠢᠳ ᠤᠨ ᠦᠵᠡᠬᠦ ᠪᠠᠷ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠭᠤᠣᠯ ᠰᠡᠳᠦᠪ ᠳᠣᠪᠤᠶᠢᠮ᠎ᠠ᠂ ᠠᠭᠤᠯᠤᠭᠳᠠᠬᠤᠨ ᠨᠢ ᠪᠠᠶᠠᠯᠢᠭ᠂ ᠰᠡᠳᠬᠢᠴᠡ ᠎ ᠨᠢ ᠳᠣᠳᠣᠷᠬᠠᠢ᠂ ᠠᠷᠭ᠎ᠠ ᠬᠡᠮᠵᠢᠶ᠎ᠡ ᠡᠷᠴᠢᠮ ᠲᠠᠢ ᠪᠠᠶᠢᠵᠤ᠂ ᠡᠬᠢᠨ ᠠᠴᠠ ᠪᠠᠨ ᠳᠠᠭᠤᠰᠳᠠᠯ᠎ᠠ ᠦᠨᠡᠨ ᠠᠴᠠ ᠵᠦᠪ ᠢ ᠡᠷᠢᠨ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠦᠨ᠂ ᠠᠷᠢᠭᠤᠨ ᠴᠢᠭᠡᠴᠢ ᠪᠠᠷ ᠠᠷᠠᠳ ᠤᠨ ᠲᠦᠯᠦᠭᠡ ᠵᠢᠳᠬᠦᠭᠦ ᠵᠣᠷᠢᠭ ᠰᠠᠨᠠᠭ᠎ᠠ ᠪᠢᠯᠬᠠᠭᠰᠠᠨ ᠰᠠᠶᠢᠨ ᠢᠯᠡᠳᠭᠡᠯ ᠪᠣᠯᠤᠨ᠎ᠠ᠃ ︽12᠂ 5︾᠎ ᠤᠨ ᠬᠤᠭᠤᠴᠠᠭᠠᠨ ᠳᠤ᠂ ᠮᠠᠨ ᠤ ᠣᠷᠣᠨ ᠤ ᠶᠡᠷᠦᠩᠬᠡᠶᠢᠯᠡᠭᠰᠡᠨ ᠠᠵᠣ ᠠᠬᠤᠢ ᠶᠢᠨ ᠪᠣᠳᠠᠳᠣ ᠬᠦᠴᠦᠨ᠂ ᠠᠵᠣ ᠦᠢᠯᠡᠰ ᠤᠨ ᠬᠦᠭᠵᠢᠯᠳᠡ ᠶᠢᠨ ᠳᠡᠰ ᠳᠠᠪᠬᠤᠷᠭ᠎ᠠ᠂ ᠬᠤᠳᠠ ᠬᠦᠳᠡᠭᠡ ᠶᠢᠨ ᠬᠦᠭᠵᠢᠯᠳᠡ ᠶᠢᠨ ᠳᠦᠷᠰᠦ ᠪᠠᠶᠢᠳᠠᠯ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠳᠡ ᠶᠢᠨ ᠬᠢᠷᠢ ᠲᠦᠪᠰᠢᠨ᠂ ᠬᠦᠭᠵᠢᠯᠳᠡ ᠶᠢ ᠪᠠᠳᠣᠯᠠᠬᠤ ᠴᠢᠳᠠᠪᠣᠷᠢ ᠪᠠ ᠠᠷᠠᠳ ᠤᠨ ᠠᠮᠢᠳᠣᠷᠠᠯ ᠤᠨ ᠬᠢᠷᠢ ᠲᠦᠪᠰᠢᠨ ᠴᠦᠮ ᠨᠢᠭᠡᠨ ᠶᠡᠭᠡ ᠳᠡᠭᠳᠡᠷ ᠲᠤ ᠭᠠᠷᠴᠣ᠂ ᠡᠯ᠎ᠡ ᠵᠦᠢᠯ ᠤᠨ ᠠᠵᠣ ᠠᠬᠤᠢ ᠶᠢᠨ ᠭᠦᠢᠴᠡᠳᠬᠡᠯ ᠳᠤᠭ᠎ᠠ ᠎ ᠨᠢ ᠪᠦᠷ ᠳᠡᠦᠬᠡ ᠶᠢᠨ ᠰᠢᠨ᠎ᠡ ᠳᠡᠮᠳᠡᠭᠯᠡᠯ ᠢ ᠡᠭᠦᠳᠴᠦ᠂ ᠣᠯᠣᠰ ᠤᠨ ᠬᠦᠭᠵᠢᠯᠳᠡ ᠶᠢᠨ ᠶᠡᠭᠡ ᠳᠠᠯ᠎ᠠ ᠳᠤ ᠢᠳᠡᠪᠬᠢᠳᠡᠢ ᠬᠤᠪᠢ ᠨᠡᠮᠡᠷᠢ ᠦᠵᠡᠭᠦᠯᠵᠡᠢ ᠭᠡᠪᠡ᠃      ᠲᠦᠯᠦᠭᠡᠯᠡᠭᠴᠢᠳ ᠤᠨ ᠦᠵᠡᠬᠦ ᠪᠠᠷ᠂ ᠦᠪᠦᠷ ᠮᠣᠩᠭᠤᠯ ︽13᠂ 5︾᠎ ᠶᠢᠨ ᠲᠦᠯᠦᠪᠵᠢᠭᠦᠯᠭᠡ ᠶᠢᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠵᠦ᠂ ᠪᠦᠬᠦ ᠣᠯᠣᠰ ᠲᠠᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠠᠶᠢᠭᠤᠯᠤᠶ᠎ᠠ ᠭᠡᠪᠡᠯ᠂ ᠡᠷᠬᠡᠪᠰᠢ ᠳᠠᠪᠣᠨ ᠶᠡᠭᠡ ᠬᠦᠭᠵᠢᠯᠳᠡ ᠶᠢᠨ ᠣᠨᠤᠯᠵᠢᠬᠤᠨ ᠢ ᠪᠠᠷᠢᠮᠳᠠᠯᠠᠨ᠂ ᠠᠵᠣ ᠠᠬᠤᠢ ᠶᠢᠨ ᠨᠡᠮᠡᠭᠳᠡᠯ ᠢᠶᠠᠨ ᠡᠷᠴᠢᠮᠯᠡᠨ ᠳᠣᠭᠳᠠᠪᠣᠷᠢᠵᠢᠭᠤᠯᠵᠣ᠂ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠡᠷᠴᠢᠮᠯᠡᠨ ᠴᠢᠩᠭᠠᠳᠬᠠᠨ᠂ ︽ᠮᠠᠯ ᠠᠵᠣ ᠠᠬᠤᠢ᠂ ᠮᠠᠯᠵᠢᠬᠤ ᠣᠷᠣᠨ᠂ ᠮᠠᠯᠴᠢᠨ᠂ ᠲᠠᠷᠢᠶᠠᠯᠠᠩ᠂ ᠲᠠᠷᠢᠶᠠᠯᠠᠬᠤ ᠤᠷᠤᠨ᠂ ᠳᠠᠷᠢᠶᠠᠴᠢᠨ︾᠎ ᠤ ᠠᠵᠢᠯ ᠢ ᠡᠷᠴᠢᠮᠯᠡᠨ ᠰᠠᠶᠢᠳᠣᠷ ᠬᠢᠵᠦ᠂ ᠦᠭᠡᠷᠡᠴᠢᠯᠡᠯᠳᠡ ᠨᠡᠭᠡᠭᠡᠯᠳᠡ ᠪᠠ ᠰᠢᠨ᠎ᠡ ᠶᠢ ᠡᠭᠦᠳᠬᠦ ᠬᠦᠭᠵᠢᠯᠲᠡ ᠶᠢ ᠡᠷᠴᠢᠮᠯᠡᠨ ᠠᠬᠢᠭᠤᠯᠵᠣ᠂ ᠪᠣᠬᠢᠷᠳᠣᠯ ᠦᠭᠡᠢ ᠬᠦᠭᠵᠢᠯᠳᠡ ᠶᠢ ᠡᠷᠴᠢᠮᠯᠡᠨ ᠠᠬᠢᠭᠤᠯᠤᠨ᠂ ᠠᠷᠠᠳ ᠤᠨ ᠠᠮᠢᠳᠣᠷᠠᠯ ᠢ ᠡᠷᠴᠢᠮᠯᠡᠨ ᠪᠠᠲᠤᠯᠠᠬᠤ ᠪᠠ ᠰᠠᠶᠢᠵᠢᠷᠠᠭᠤᠯᠬᠤ ᠬᠡᠷᠡᠭᠳᠡᠢ ᠭᠡᠪᠡ᠃      ᠳᠣᠰ ᠡᠳᠦᠷ ᠤᠨ ᠦᠳᠡ ᠶᠢᠨ ᠬᠤᠶᠢᠨ᠎ᠠ᠂ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠵᠠᠰᠠᠭ ᠎ ᠤᠨ ᠣᠷᠳᠣᠨ ᠤ ᠠᠵᠢᠯ ᠤᠨ ᠢᠯᠡᠳᠭᠡᠯ ᠢ ᠳᠣᠭᠤᠢᠢᠯᠠᠩ ᠬᠤᠪᠢᠶᠠᠨ ᠬᠢᠨᠠᠨ ᠵᠦᠪᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号