2015 ᠣᠨ ᠳᠤ ᠥᠪᠥᠷ ᠮᠣᠩᠭᠤᠯ 772 ᠰᠠᠭᠤᠷᠢ ᠵᠢᠭᠤᠯᠴᠢᠯᠠᠯ ᠤᠨ ᠵᠣᠷᠯᠣᠩ ᠰᠢᠨ᠎ᠡ ᠪᠠᠷ | ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ 344 ᠰᠠᠭᠤᠷᠢ ᠲᠥᠯᠥᠪᠯᠡᠭᠡᠨ ᠤ ᠡᠭᠦᠷᠭᠡ ᠪᠠᠨ 224% ᠪᠠᠷ | ᠪᠡᠶᠡᠯᠡᠭᠦᠯᠵᠦ᠂ ᠪᠠᠶᠢᠭᠤᠯᠤᠭᠰᠠᠨ ᠲᠤᠭ᠎ᠠ ᠬᠡᠮᠵᠢᠶ᠎ᠡ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ 3 ᠵᠢᠯ ᠤᠨ ᠳᠣᠲᠣᠷ᠎ᠠ1025 ᠰᠠᠭᠤᠷᠢ ᠵᠢᠭᠤᠯᠴᠢᠯᠠᠯ ᠤᠨ ᠵᠣᠷᠯᠣᠩ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠪᠠᠷ ᠲᠦᠯᠦᠪᠯᠡᠵᠦ᠂ A ᠳᠡᠰ ᠤᠨ ᠦᠵᠡᠮᠵᠢᠲᠦ ᠣᠷᠣᠨ᠂ | ᠵᠢᠭᠤᠯᠴᠢᠯᠠᠯ ᠤᠨ ᠭᠤᠣᠯ ᠵᠠᠮ᠂ ᠴᠢᠬᠤᠯᠠ ᠵᠠᠮ ᠬᠠᠷᠢᠯᠴᠠᠭᠠᠨ ᠤ ᠲᠦᠪᠯᠡᠷᠡᠨ ᠲᠠᠷᠬᠠᠬᠤ ᠭᠠᠵᠠᠷ᠂ ᠭᠤᠣᠯᠳᠠᠯᠭ᠎ᠠ ᠲᠠᠢ | ᠬᠥᠳᠡᠭᠡ ᠲᠣᠰᠬᠤᠨ ᠤ ᠵᠢᠭᠤᠯᠴᠢᠯᠠᠯ ᠤᠨ ᠴᠢᠭ᠋᠂ ᠭᠤᠣᠯᠳᠠᠯᠭ᠎ᠠ ᠲᠠᠢ ᠵᠢᠭᠤᠯᠴᠢᠯᠠᠯ ᠤᠨ ᠬᠤᠭᠤᠯᠠᠨ ᠭᠡᠷ᠂ | ᠭᠤᠣᠯᠳᠠᠯᠭ᠎ᠠ ᠲᠠᠢ ᠵᠤᠭ᠎ᠠ ᠴᠡᠩᠭᠡᠯ ᠤᠨ ᠭᠠᠵᠠᠷ᠂ ᠭᠤᠣᠯᠳᠠᠯᠭ᠎ᠠ ᠲᠠᠢ ᠰᠡᠯᠡᠭᠦᠴᠡᠯ ᠤᠨ ᠶᠠᠪᠠᠭᠠᠨ ᠶᠠᠪᠤᠬᠤ ᠲᠣᠭᠤᠷᠢᠭ | ᠲᠤ ᠪᠦᠷ ᠤᠰᠤ ᠪᠠᠷ ᠴᠡᠪᠡᠷᠯᠡᠬᠦ ᠵᠣᠷᠯᠣᠩ ᠪᠤᠶᠤ ᠤᠰᠤ ᠦᠭᠡᠢ ᠠᠮᠢ ᠠᠬᠤᠶ ᠶᠢᠨ ᠪᠣᠬᠢᠷᠲᠤᠯ ᠦᠭᠡᠢ ᠵᠤᠷᠯᠤᠩ ᠢ | ᠪᠦᠲᠦᠭᠡᠨ ᠪᠠᠶᠢᠭᠤᠯᠵᠤ᠂ ᠪᠦᠬᠦᠨ ᠢ ᠣᠳᠣᠨ ᠲᠡᠰ ᠤᠨ ᠪᠠᠷᠢᠮᠵᠢᠶ᠎ᠠ ᠳᠤ ᠬᠦᠷᠴᠦ᠂ ᠬᠠᠮᠤᠭ ᠡᠴᠦᠰ ᠲᠤ | ᠵᠢᠭᠤᠯᠴᠢᠯᠠᠯ ᠤᠨ ᠵᠤᠷᠯᠤᠩ ᠤᠨ ᠲᠤᠭ᠎ᠠ ᠬᠡᠮᠵᠢᠶ᠎ᠡ ᠭᠦᠢᠴᠡᠳ᠂ ᠦᠨᠦᠷ ᠲᠠᠨᠢᠷ ᠦᠭᠡᠢ᠂ ᠰᠦᠢᠳᠬᠡᠯ ᠬᠤᠷᠢᠶᠠᠬᠤ | ᠦᠭᠡᠢ᠂ ᠪᠦᠳᠦᠮᠵᠢᠲᠦ ᠬᠠᠮᠢᠶᠠᠷᠤᠯᠲᠠ ᠲᠠᠢ ᠪᠤᠯᠭᠠᠬᠤ ᠬᠠᠷᠠᠯᠲᠠ ᠶᠢ ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ᠂ | ᠡᠨᠡ ᠵᠢᠯ ᠥᠪᠥᠷ ᠮᠣᠩᠭᠤᠯ ᠵᠢᠯ ᠤᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠵᠣᠷᠯᠣᠩ ᠤᠨ ᠬᠤᠪᠢᠰᠬᠠᠯ ᠢ ᠪᠦᠬᠦ ᠣᠷᠣᠨ ᠤ ᠵᠠᠮ ᠬᠠᠷᠢᠯᠴᠠᠭᠠᠨ ᠤ ᠱᠤᠭᠤᠮ ᠳᠠᠭᠠᠤ᠂ ᠬᠤᠲᠠ ᠪᠠᠯᠭᠠᠰᠤ᠂ | ᠬᠥᠳᠡᠭᠡ ᠲᠣᠰᠬᠤᠨ ︵ᠮᠠᠯᠵᠢᠬᠤ ᠣᠷᠣᠨ︶᠂ ᠵᠢᠴᠢ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠥᠷᠲᠡᠭᠡ᠂ | ᠲᠣᠰᠤ ᠨᠡᠮᠡᠬᠦ ᠥᠷᠲᠡᠭᠡ᠂ ᠠᠭᠤᠳᠠᠮ ᠲᠠᠯᠠᠪᠠᠢ᠂ ᠴᠡᠴᠡᠷᠯᠢᠭ ᠵᠡᠷᠭᠡ ᠴᠢᠬᠤᠯᠠ ᠵᠠᠩᠭᠢᠯᠠᠭ᠎ᠠ ᠶᠢᠨ ᠴᠢᠭ᠋ ᠲᠤ ᠬᠦᠷᠲᠡᠯ᠎ᠡ | ᠦᠷᠭᠡᠳᠬᠡᠬᠦ ᠪᠠᠷ ᠪᠠᠶᠢᠨ᠎ᠠ᠃ |