2015 ᠣᠨ ᠤ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠣᠷᠣᠯᠭ᠎ᠠ 500 ᠳ᠋ᠦᠩᠰᠢᠭᠤᠷ ᠲᠦᠬᠦᠷᠢᠭ ᠢ ᠳᠠᠪᠠᠪᠠ
ᠨᠡᠶᠢᠲᠡᠯᠡᠭᠰᠡᠨ ᠴᠠᠭ᠄
2016/3/7
     2015 ᠣᠨ ᠤ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠣᠷᠣᠯᠭ᠎ᠠ 500 ᠳ᠋ᠦᠩᠰᠢᠭᠤᠷ ᠲᠥᠭᠦᠷᠢᠭ ᠢ ᠳᠠᠪᠠᠵᠦ᠂ 30%᠎ ᠪᠠᠷ ᠨᠡᠮᠡᠭᠳᠡᠪᠡ᠃ ᠣᠶᠢᠯᠠᠭᠠᠭᠰᠠᠨ ᠢᠶᠠᠷ᠂ 2015 ᠣᠨ ᠳᠤ ᠥᠪᠥᠷ ᠮᠣᠩᠭᠤᠯ1400 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠮᠥᠰᠥ ᠴᠠᠰᠤ ᠲᠩᠷᠢ ᠶᠢᠨ ᠵᠠᠮ ᠭᠡᠬᠦ ᠵᠡᠷᠭᠡ 7 ᠵᠤᠷᠪᠤᠰ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠮ ᠱᠤᠭᠤᠮ ᠭᠠᠷᠭᠠᠬᠤ ᠶᠢᠨ ᠬᠠᠮᠲᠤ 40 ᠡᠳᠦᠷ ᠤᠨ ᠬᠤᠭᠤᠴᠠᠭ᠎ᠠ ᠲᠠᠢ ᠠᠷᠪᠠᠨ ᠮᠤᠵᠢ ᠬᠤᠲᠠ ᠲᠠᠢ ᠬᠤᠯᠪᠣᠭᠳᠠᠭᠰᠠᠨ ᠲᠦᠮᠡᠨ ᠭᠠᠵᠠᠷ ᠤᠨ ᠲᠤᠭᠤᠷᠢᠨ ᠵᠢᠭᠤᠯᠴᠢᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠮᠥᠰᠥ ᠴᠠᠰᠤᠨ ᠤ ᠵᠢᠭᠤᠯᠴᠢᠯᠠᠯ ᠪᠠᠶᠠᠷ ᠳᠤᠷᠠᠰᠬᠠᠯ ᠤᠨ ᠴᠦᠷᠬᠦ ᠠᠵᠢᠯᠯᠠᠭ᠎ᠠ ᠦᠷᠨᠢᠭᠦᠯᠬᠦ ᠪᠠᠷ ᠳᠡᠮᠵᠢᠵᠦ᠂ ᠥᠪᠥᠷ ᠮᠣᠩᠭᠤᠯ ᠤᠨ ᠮᠥᠰᠥ ᠴᠠᠰᠤᠨ ᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠳᠬᠦᠨ ᠢ ᠨᠠᠷᠢᠨ ᠨᠢᠮᠪᠠᠶ ᠡᠭᠦᠳᠴᠦ᠂1800 ᠲᠦᠮᠡᠨ ᠲᠥᠭᠦᠷᠢᠭ ᠤᠨ ᠲᠥᠷᠥᠯ ᠵᠦᠢᠯ ᠤᠨ ᠨᠦᠬᠦᠪᠦᠷᠢ ᠪᠡᠯᠡ ᠮᠥᠩᠭᠦ ᠲᠣᠬᠢᠷᠠᠭᠤᠯᠵᠤ᠂ ᠠᠩ ᠭᠦᠷᠦᠭᠡ᠂ ᠬᠤᠸᠠᠷᠠᠨ ᠰᠠᠭᠤᠷᠢᠰᠢᠯ᠂ ᠬᠠᠯᠠᠭᠤᠨ ᠷᠠᠰᠢᠶᠠᠨ᠂ ᠴᠠᠰᠤᠨ  ᠴᠠᠨ᠎ᠠ᠂ ᠴᠠᠰᠤᠲᠤ ᠲᠤᠰᠬᠤᠨ ᠵᠢᠴᠢ ᠠᠶᠢᠯ ᠡᠷᠦᠬᠡ ᠶᠢᠨ ᠵᠢᠭᠤᠯᠴᠢᠯᠠᠯ ᠤᠨ ᠲᠦᠷᠦᠯ ᠵᠦᠢᠯ ᠢ ᠳᠡᠮᠵᠢᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠢᠯᠠᠩᠭᠤᠶ᠎ᠠ ᠤᠬᠢ ᠵᠠᠮ ᠱᠤᠭᠤᠮ ᠳᠡᠭᠡᠷ᠎ᠡ ᠡᠪᠦᠯ ᠤᠨ ᠤᠯᠠᠷᠢᠯ ᠤᠨ  ᠠᠶᠢᠯ ᠡᠷᠦᠬᠡ ᠶᠢᠨ ᠵᠢᠭᠤᠯᠴᠢᠯᠠᠯ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠡᠪᠦᠯ ᠤᠨ ᠤᠯᠠᠷᠢᠯ ᠤᠨ ᠠᠶᠢᠯ ᠡᠷᠦᠬᠡ ᠶᠢᠨ ᠬᠦᠯᠢᠶᠡᠨ ᠠᠪᠬᠤ ᠲᠤᠭ᠎ᠠ ᠬᠡᠮᠵᠢᠶ᠎ᠡ ᠨᠢᠳᠤᠨᠤᠨ ᠤ ᠬᠢ ᠠᠴᠠ ᠨᠢᠭᠡ ᠲᠠᠬᠢᠨ ᠭᠠᠷᠤᠶ ᠨᠡᠮᠡᠭᠳᠡᠵᠦ᠂ ᠪᠡᠯᠡᠳᠬᠡᠮᠵᠢ ᠲᠥᠬᠦᠭᠡᠷᠦᠮᠵᠢ ᠠᠯᠬᠤᠮ ᠠᠯᠬᠤᠮ ᠢᠶᠠᠷ ᠲᠡᠭᠦᠯᠳᠡᠷᠵᠢᠵᠦ᠂ ᠣᠨᠴᠠᠯᠢᠭ ᠪᠦᠬᠦᠢ ᠦᠨᠳᠦᠰᠦᠲᠡᠨ ᠤ ᠬᠥᠳᠡᠯᠭᠡᠭᠡᠨ ᠨᠦᠭᠦᠳ ᠵᠢᠭᠤᠯᠴᠢᠯᠠᠭᠴᠢᠳ ᠤᠨ ᠭᠦᠨ ᠪᠠᠭ᠋ᠠᠷᠬᠠᠯ ᠢ ᠲᠠᠲᠠᠵᠠᠢ᠃ ᠡᠭᠦᠨ ᠳᠤ᠂ ᠬᠥᠯᠥᠨ ᠪᠤᠶᠢᠷ᠂ ᠰᠢᠯᠢ ᠶᠢᠨ ᠭᠤᠣᠯ᠂ ᠤᠯᠠᠭᠠᠨᠬᠠᠳᠠ᠂ ᠬᠢᠩᠭᠠᠨ ᠠᠶᠢᠮᠠᠭ ᠵᠢᠴᠢ ᠮᠠᠨᠵᠤᠤᠷ ᠬᠤᠳᠠ ᠵᠡᠷᠭᠡ ᠭᠠᠵᠠᠷ ᠤᠨ ᠡᠪᠦᠯ ᠤᠨ ᠵᠢᠭᠤᠯᠴᠢᠯᠠᠯ ᠤᠨ ᠬᠥᠭᠵᠢᠯᠲᠡ ᠨᠡᠯᠢᠶᠡᠳ ᠲᠦᠷᠭᠡᠳᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号