ᠷᠧᠨ ᠶᠠ ᠫᠢᠩ᠄ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠢ ᠲᠤᠤᠱᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠰᠤᠭᠠᠢ
ᠨᠡᠶᠢᠲᠡᠯᠡᠭᠰᠡᠨ ᠴᠠᠭ᠄
2016/3/7
     3 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠷᠧᠨ ᠶᠠ ᠫᠢᠩ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠭᠤᠶᠢᠯᠠᠩ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠠᠨᠠᠭᠤᠯᠭ᠎ᠠ ᠭᠠᠷᠭᠠᠬᠤ ᠳᠠᠭᠠᠨ᠂ ᠬᠢᠯᠢ ᠬᠢᠵᠠᠭᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠥᠪᠥᠷ ᠮᠣᠩᠭᠤᠯ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ ᠪᠠ ᠳᠡᠭᠡᠳᠦ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠬᠤ ᠶᠢ ᠲᠦᠷᠭᠡᠳᠬᠡᠵᠦ᠂ ᠵᠡᠭᠦᠨ ᠪᠡᠶ᠎ᠡ ᠶᠢᠨ ᠠᠶᠢᠮᠠᠭ ᠬᠤᠳᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠵᠦ᠂ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠣᠲᠠᠢ ᠳᠡᠮᠵᠢᠯᠭᠡ ᠦᠵᠡᠭᠦᠯᠬᠦ ᠬᠡᠷᠡᠭᠲᠡᠢ᠃      ᠷᠧᠨ ᠶᠠ ᠫᠢᠩ ᠦᠵᠡᠬᠦ ᠪᠠᠷ᠂ ᠶᠡᠷᠦᠩᠬᠡᠶ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠦᠨᠡᠨ ᠢ ᠶᠠᠷᠢᠵᠤ᠂ ᠪᠣᠳᠠᠲᠠᠶ ᠠᠷᠭ᠎ᠠ ᠭᠠᠷᠭᠠᠵᠤ᠂ ᠴᠠᠭ ᠤᠨ ᠪᠠᠶᠢᠳᠠᠯ ᠢ ᠲᠣᠳᠣᠷᠬᠠᠶᠢᠯᠠᠵᠤ᠂ ᠬᠦᠴᠦ ᠴᠢᠳᠠᠯ ᠨᠡᠮᠡᠵᠦ᠂ ︽12 · 5︾᠎ ᠶᠢᠨ ᠣᠯᠤᠭᠰᠠᠨ ᠠᠮᠵᠢᠯᠲᠠ ᠶᠢ ᠦᠨᠡᠨ ᠪᠣᠳᠠᠲᠠᠶ ᠲᠥᠪ ᠭᠤᠣᠯᠴᠢ ᠪᠠᠷ ᠳ᠋ᠦᠩᠨᠡᠵᠦ᠂ ︽13 · 5︾᠎ ᠶᠢᠨ ᠠᠵᠢᠯ ᠢ ᠪᠦᠬᠦ ᠲᠠᠯ᠎ᠠ ᠪᠠᠷ ᠪᠣᠳᠠᠲᠠᠶ ᠪᠠᠷ ᠪᠠᠶᠢᠷᠢᠯᠠᠭᠤᠯᠵᠤ᠂ ᠡᠬᠢᠯᠡᠯᠲᠡ ᠶᠢᠨ ᠵᠢᠯ ᠤᠨ ᠠᠵᠢᠯ ᠤᠨ ᠲᠣᠬᠢᠷᠠᠭᠤᠯᠤᠯᠲᠠ ᠳᠤ ᠭᠤᠣᠯᠳᠠᠯᠭ᠎ᠠ ᠶᠢ ᠳᠣᠪᠤᠶᠢᠯᠭᠠᠵᠤ᠂ ᠬᠥᠮᠦᠰ ᠢ ᠵᠣᠷᠢᠭᠵᠢᠭᠤᠯᠤᠨ ᠡᠷᠡᠯᠬᠡᠭᠯᠡᠨ ᠤᠷᠤᠭᠰᠢᠯᠠᠭᠤᠯᠬᠤ ᠪᠣᠯᠣᠨ᠎ᠠ᠃ ᠢᠯᠡᠳᠬᠡᠯ ᠳᠤ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠢ ᠲᠤᠤᠱᠯᠠᠭᠤᠯᠵᠤ᠂ ᠠᠵᠤ ᠠᠬᠤᠶ ᠶᠢ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠭᠦᠯᠬᠦ ᠶᠢ ᠪᠠᠲᠤᠯᠠᠵᠤ᠂ ᠠᠵᠤ ᠦᠢᠯᠡᠰ ᠤᠨ ᠳᠤᠮᠳᠠ ᠳᠡᠭᠡᠳᠦ ᠳᠠᠪᠬᠤᠷᠭ᠎ᠠ ᠵᠦᠭ ᠬᠥᠭᠵᠢᠬᠦ ᠶᠢ ᠲᠦᠯᠬᠢᠨ ᠠᠬᠢᠭᠤᠯᠬᠤ ᠤᠷᠢᠲᠠᠯ ᠳᠣᠣᠷ᠎ᠠ᠂ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠤ ᠲᠣᠭᠤᠷᠢᠨ ᠳᠤ ᠬᠠᠷᠠᠯᠲᠠ ᠲᠣᠭᠲᠠᠭᠠᠵᠦ᠂ ᠡᠭᠦᠷᠭᠡ ᠪᠠᠨ ᠲᠣᠳᠣᠷᠬᠠᠶᠢᠯᠠᠵᠤ᠂ ᠲᠦᠷᠦ ᠶᠢᠨ ᠪᠤᠳᠤᠯᠭ᠎ᠠ ᠲᠣᠭᠲᠠᠭᠠᠵᠤ᠂ ᠲᠦᠷᠦᠯ ᠵᠦᠢᠯᠡᠰ ᠢ ᠲᠣᠬᠢᠷᠠᠭᠤᠯᠵᠦ ᠰᠢᠨ᠎ᠡ ᠣᠨᠣᠯᠵᠢᠬᠤᠨ ᠢᠶᠠᠷ ᠰᠢᠨ᠎ᠡ ᠬᠥᠭᠵᠢᠯᠲᠡ ᠶᠢ ᠤᠳᠤᠷᠢᠳᠤᠭᠤᠯᠬᠤ ᠶᠢ ᠬᠠᠷᠠᠭᠤᠯᠵᠠᠶ ᠭᠡᠪᠡ᠃      ᠷᠧᠨ ᠶᠠ ᠫᠢᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ︽13 · 5︾᠎ ᠶᠢᠨ ᠲᠥᠯᠥᠪᠵᠢᠭᠦᠯᠭᠡ ᠶᠢᠨ ᠲᠣᠪᠴᠢ ︵ᠲᠥᠰᠦᠯ︶ ᠪᠠ ᠮᠠᠨ ᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠦᠷᠪᠡᠨ ᠵᠤᠷᠪᠤᠰ ᠰᠠᠨᠠᠭᠤᠯᠭ᠎ᠠ ᠳᠤᠷᠠᠳᠪᠠ᠃ ᠨᠢᠭᠡ ᠳᠤ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃      ᠬᠤᠶᠠᠷ ᠲᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠡᠨᠧᠷᠭᠢ ᠶᠢᠨ ᠰᠠᠭᠤᠷᠢᠨ ᠭᠠᠵᠠᠷ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ ᠤᠨ ᠪᠥᠳᠥᠭᠡᠨ ᠪᠠᠶᠢᠭᠤᠯᠤᠯᠲᠠ᠂ ᠴᠡᠪᠡᠷ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃      ᠭᠤᠷᠪᠠ ᠳᠤ᠂ ᠵᠣᠬᠢᠴᠠᠩᠭᠤᠶ ᠬᠥᠭᠵᠢᠯᠲᠡ ᠶᠢᠨ ᠣᠨᠣᠯᠵᠢᠬᠤᠨ ᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠎ ᠤᠨ  ᠳᠡᠭᠡᠳᠦ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢᠨ ᠳᠤᠲᠠᠬᠤ ᠲᠠᠯ᠎ᠠ ᠶᠢ ᠨᠥᠬᠦᠪᠦᠷᠢᠯᠡᠬᠦ ᠬᠡᠷᠡᠭᠲᠡᠢ᠃      ᠲᠦᠷᠪᠡ ᠳᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠥᠪᠥᠷ ᠮᠣᠩᠭᠤᠯ ᠤᠨ ᠵᠡᠭᠦᠨ ᠪᠡᠶ᠎ᠡ ᠶᠢᠨ ᠲᠠᠪᠤᠨ ᠠᠶᠢᠮᠠᠭ ᠬᠤᠳᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠬᠠᠮᠲᠤᠪᠠᠷ ᠲᠥᠯᠬᠢᠨ ᠠᠬᠢᠭᠤᠯᠬᠤ ᠶᠢ ᠰᠠᠨᠠᠭᠤᠯᠤᠶ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号