ᠯᠢ ᠺᠧ ᠴᠢᠶᠠᠩ ᠤᠨ ᠢᠯᠡᠳᠭᠡᠯ ᠳᠤᠮᠳᠠᠳᠤ ᠤᠯᠤᠰ ᠤᠨ ᠢᠲᠡᠭᠡᠯ ᠵᠤᠷᠢᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2016/3/8
ᠮᠠᠲ᠋ᠧᠷᠢᠶᠠᠯ ᠵᠢᠷᠤᠭ᠄ 3 ᠳ᠋ᠤᠭᠠᠷ ᠰᠠᠷ᠎ᠠ ᠶᠢᠨ 5᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠭᠡᠢ ᠰᠠᠶᠢᠳ ᠯᠢ ᠺᠧ ᠴᠢᠶᠠᠩ ᠠᠷᠠᠳ ᠤᠨ ᠶᠡᠭᠡ ᠬᠤᠷᠠᠯ ᠤᠨ ᠲᠢᠩᠬᠢᠮ ᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠵᠤ ᠪᠠᠶᠢᠭ᠎ᠠ ᠨᠢ      ︽13 · 5︾᠎ ᠶᠢᠨ ᠲᠦᠯᠦᠪᠵᠢᠬᠦᠯᠭᠡ ᠶᠢᠨ ᠰᠢᠨ᠎ᠡ ᠱᠠᠲᠤ ᠦᠶ᠎ᠡ      【ᠰᠢᠩᠭᠠᠫᠣᠷ ᠤᠨ ︽ᠬᠠᠮᠲᠤᠷᠠᠭᠰᠠᠨ ᠥᠷᠯᠥᠭᠡ ᠶᠢᠨ ᠰᠣᠨᠢᠨ︾᠎ ᠤ ᠰᠦᠯᠵᠢᠶ᠎ᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ】 5᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠬᠢᠯᠡᠵᠤ᠂ ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠡ᠃ ᠲᠡᠷᠡ ᠵᠢᠭᠠᠵᠤ ᠭᠠᠷᠭᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠪᠣᠯ ᠳᠤᠮᠳᠠᠳᠤ ᠤᠯᠤᠰ ︽ᠳᠤᠮᠳᠠ ᠵᠡᠷᠭᠡ ᠶᠢᠨ ᠣᠷᠣᠯᠭ᠎ᠠ ᠶᠢᠨ ᠤᠨᠠᠭᠤᠯᠢ︾᠎ ᠶᠢ ᠬᠠᠷᠠᠶᠢᠨ ᠭᠠᠷᠬᠤ ᠴᠢᠬᠤᠯᠠ ᠱᠠᠳᠤ ᠦᠶ᠎ᠡ ᠪᠤᠯᠬᠤᠷ᠂ ᠡᠯ᠎ᠡ ᠵᠦᠢᠯ ᠤᠨ ᠵᠥᠷᠢᠴᠡᠯ ᠪᠤᠯᠤᠨ ᠠᠶᠤᠯ ᠲᠦᠭᠰᠢᠭᠦᠷᠢ ᠢᠯᠡᠳᠲᠡ ᠨᠡᠮᠡᠭᠳᠡᠵᠦ᠂ ︽ᠬᠦᠭᠵᠢᠯᠲᠡ ᠨᠢ ᠤᠷᠤᠰᠬᠠᠯ ᠦᠭᠰᠦᠬᠦ ᠣᠩᠭᠤᠴᠠ ᠮᠡᠲᠦ᠂ ᠤᠷᠤᠭᠰᠢᠯᠠᠬᠤ ᠦᠭᠡᠢ ᠪᠣᠯ ᠤᠬᠤᠷᠢᠬᠤ ᠪᠣᠯᠤᠨ᠎ᠠ︾ ᠭᠡᠪᠡ᠃      【ᠶᠠᠫᠣᠨ ᠤ ︽ᠵᠤᠤ ᠷᠢ ᠰᠣᠨᠢᠨ︾᠎ ᠤ ᠰᠦᠯᠵᠢᠶ᠎ᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ】 ᠶᠡᠷᠦᠩᠬᠡᠶ ᠰᠠᠶᠢᠳ ᠯᠢ ᠺᠧ ᠴᠢᠶᠠᠩ 5᠎ ᠤ ᠡᠳᠦᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ︽13·5︾᠎ ᠶᠢᠨ ᠲᠥᠯᠥᠪᠵᠢᠭᠦᠯᠭᠡ ᠶᠢᠨ ᠲᠣᠪᠴᠢ ︵ᠲᠥᠰᠦᠯ︶︾᠎ ᠶᠢᠨ ᠲᠤᠬᠠᠶ ᠲᠣᠳᠣᠷᠬᠠᠶᠢᠯᠠᠯᠲᠠ ᠬᠢᠭᠰᠡᠨ ᠪᠠᠶᠢᠨ᠎ᠠ᠃ ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ ᠤᠯᠤᠰ ‍ᠤᠨ‌‍ᠲ᠋ᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠭᠡᠢ ᠥᠷᠲᠡᠭ ︵GDP︶  ᠵᠢᠯ ᠪᠦᠷᠢ ᠳᠤᠮᠳᠠᠴᠢ ᠪᠠᠷ 7%᠎ ᠶᠢᠨ ᠨᠡᠮᠡᠭᠳᠡᠯ ᠢ ᠪᠠᠲᠤᠯᠠᠵᠤ ᠪᠠᠶᠢᠭᠰᠠᠨ ᠢᠶᠠᠨ ︽13 ᠊ 5︾᠎ ᠶᠢᠨ  ᠬᠤᠭᠤᠴᠭᠠᠨ ᠳᠤ ᠳᠤᠷᠤᠭᠰᠢᠯᠠᠭᠤᠯᠤᠨ ︽6. 5%᠎ ᠠᠴᠠ ᠳᠡᠭᠡᠭᠰᠢ ᠪᠠᠶᠢᠯᠭᠠᠬᠤ ᠶᠢ ᠪᠠᠷᠢᠮᠲᠠᠯᠠᠬᠤ ᠪᠤᠯᠤᠨ᠎ᠠ︾ ᠬᠡᠪᠡ᠃ ᠯᠢ ᠺᠧ ᠴᠢᠶᠠᠩ ᠶᠠᠭᠤᠨ ᠤ ᠡᠮᠦᠨ᠎ᠡ ᠢᠯᠡᠷᠬᠡᠶᠢᠯᠡᠭᠰᠡᠨ ᠨᠢ᠂ ᠳᠤᠮᠳᠠᠳᠤ ᠤᠯᠤᠰ ︽12·5》᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ ᠲᠦᠪᠡᠭ ᠪᠤᠳᠤᠯᠢᠶᠠᠨᠲᠠᠶ ᠳᠡᠯᠡᠬᠡᠶ ᠶᠢᠨ ᠣᠷᠴᠢᠨ ᠨᠥᠬᠦᠴᠡᠯ ᠳᠤᠤᠷ᠎ᠠ᠂ ᠮᠥᠨ ᠯᠡ ᠵᠢᠯ ᠪᠦᠷᠢ ᠳᠤᠮᠳᠠᠴᠢ  ᠎ ᠪᠠᠷ 7%᠎ ᠪᠠᠷ ᠨᠡᠮᠡᠭᠳᠡᠭᠦᠯᠬᠦ ᠬᠠᠷᠠᠯᠲᠠ ᠪᠠᠨ ᠪᠡᠶᠡᠯᠡᠭᠦᠯᠪᠡ᠃ ᠬᠡᠳᠦ᠋ᠢᠪᠡᠷ ᠡᠨᠡ ᠤᠳᠠᠭ᠎ᠠ ︽13 · 5︾᠎ ᠶᠢᠨ ᠲᠦᠯᠦᠪᠵᠢᠬᠦᠯᠭᠡ ᠶᠢᠨ ᠨᠡᠮᠡᠭᠳᠡᠯ ᠤᠨ ᠬᠠᠷᠠᠯᠲᠠ ᠶᠢ ᠳᠤᠷᠤᠭᠰᠢᠯᠠᠭᠤᠯᠤᠭᠰᠠᠨ  ᠪᠤᠯᠪᠠᠴᠤ᠂ ᠮᠥᠨ ᠨᠡᠯᠢᠶᠡᠳ ᠥᠨᠳᠥᠷ ᠲᠦᠪᠰᠢᠨ ᠳᠤ ᠬᠦᠷᠴᠦ ᠪᠠᠶᠢᠨ᠎ᠠ ᠬᠡᠪᠡ᠃ ᠲᠡᠷᠡ ᠬᠡᠯᠡᠭᠰᠡᠨ ᠨᠢ᠂ ᠯᠠᠪᠲᠠᠶ ᠢᠯᠠᠬᠤ ᠢᠲᠡᠭᠡᠯ ᠵᠣᠷᠢᠭ ᠲᠡᠭᠦᠯᠳᠡᠷ  ᠪᠠᠶᠢᠮᠠᠨᠵᠢᠨ᠂ ᠠᠷᠠᠳ ᠤᠨ ᠠᠮᠢᠳᠤᠷᠠᠯ ᠰᠠᠶ᠋ᠢ ᠨᠡᠩ ᠰᠠᠶᠢᠨ ᠰᠠᠶᠢᠬᠠᠨ ᠪᠤᠯᠵᠤ ᠴᠢᠳᠠᠨ᠎ᠠ ᠭᠡᠪᠡ᠃ ᠳᠤᠮᠳᠠᠳᠤ ᠤᠯᠤᠰ ᠤᠨ ᠵᠠᠰᠠᠭ ᠤᠨ ᠣᠷᠳᠣᠨ ᠠᠮᠠᠯᠠᠭᠰᠠᠨ ᠨᠢ᠂ ︽13·5︾᠎ ᠶᠢᠨ ᠲᠥᠯᠥᠪᠵᠢᠭᠦᠯᠭᠡ ᠶᠢᠨ ᠡᠴᠦᠰ ᠤᠨ ᠵᠢᠯ ᠪᠤᠯᠬᠤ ᠳᠤ᠂ ᠥᠭᠡᠷ᠎ᠡ ᠪᠠᠷ ᠬᠡᠯᠡᠪᠡᠯ 2020 ᠣᠨ ᠪᠣᠯᠬᠤ ᠳᠤ᠂ GDP᠎ ᠶᠢ 2010 ᠣᠨ ᠤ ᠬᠢ ᠠᠴᠠ ᠬᠤᠶᠠᠷ ᠳᠠᠬᠢᠨ ᠪᠣᠯᠲᠠᠯ᠎ᠠ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ ᠵᠢᠯ ᠪᠦᠷᠢ ᠳᠤᠮᠳᠠᠴᠢ ᠪᠠᠷ 6.5%᠎ ᠪᠠᠷ ᠨᠡᠮᠡᠭᠳᠡᠬᠦ ᠨᠤᠷᠮ᠎ᠠ ᠶᠢ ᠪᠣᠯ ᠡ᠊ᠨᠡ ᠬᠦ ᠬᠠᠷᠠᠯᠲᠠ ᠶᠢ ᠪᠡᠶᠡᠯᠡᠭᠦᠯᠬᠦ ᠨᠠᠭᠠᠲᠤ ᠵᠠᠬ᠎ᠠ ᠶᠢᠨ ᠱᠤᠭᠤᠮ ᠪᠤᠯᠭᠠᠪᠠ ᠬᠡᠪᠡ᠃      【 ᠶᠠᠫᠣᠨ ᠤ ︽ ᠦᠢᠯᠡᠳᠪᠦᠷᠢᠯᠡᠯ ᠠᠵᠤ ᠠᠬᠤᠶ ᠶᠢᠨ ᠰᠣᠨᠢᠨ︾᠎ ᠤ ᠰᠦᠯᠵᠢᠶ᠎ᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ】 ᠳᠤᠮᠳᠠᠳᠤ ᠤᠯᠤᠰ 2016 ᠣᠨ ᠠᠴᠠ ᠡᠬᠢᠯᠡᠬᠦᠯᠬᠦ ︽13·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠵᠢᠯ ᠪᠦᠷᠢ ᠶᠢᠨ ᠳᠤᠮᠳᠠᠴᠢ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠶᠢ  ᠳᠤᠷᠤᠭᠰᠢᠯᠠᠭᠤᠯᠤᠨ ︽6.5%᠎ ᠠᠴᠠ ᠳᠡᠭᠡᠭᠰᠢ ᠪᠠᠶᠢᠬᠤ ᠶᠢ ᠪᠠᠲᠤᠯᠠᠵᠤ︾᠂ ︽12·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠬᠢ ᠠᠴᠠ 0.5 ᠵᠠᠭᠤᠨ ᠤ ᠴᠡᠭ ᠳᠤᠷᠤᠭᠰᠢᠯᠠᠭᠤᠯᠪᠠ᠃ ᠳᠤᠮᠳᠠᠳᠤ ᠤᠯᠤᠰ ᠠᠵᠤ ᠠᠬᠤᠶ ᠶᠢᠨ ᠰᠢᠨ᠎ᠡ ᠬᠡᠪ ᠪᠠᠶᠢᠳᠠᠯ ᠤᠨ ᠪᠦᠲᠦᠴᠡ ᠶᠢᠨ ᠥᠭᠡᠷᠡᠴᠢᠯᠡᠯᠲᠡ ᠭᠡᠳᠡᠭ ᠢᠶᠠᠨ ᠡᠬᠢᠯᠡᠬᠦᠯᠦᠭᠰᠡᠨ ᠢ ᠠᠳᠡ ᠳᠠᠬᠢᠨ ᠨᠡᠶᠢᠲᠡᠯᠡᠭᠰᠡᠨ ᠪᠠᠶᠢᠨ᠎ᠠ᠃        【ᠣᠷᠣᠰ ᠤᠨ ᠰᠣᠨᠢᠨ ᠮᠡᠳᠡᠭᠡᠨ ᠤ ᠬᠤᠷᠢᠶ᠎ᠠ ᠶᠢᠨ ᠪᠡᠭᠡᠵᠢᠩ ᠳᠠᠬᠢ 3 ᠳ᠋ᠤᠭᠠᠷ ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ 】 ᠳᠤᠮᠳᠠᠳᠤ ᠤᠯᠤᠰ ᠤᠨ ᠶᠡᠷᠦᠩᠬᠡᠶ ᠰᠠᠶᠢᠳ ᠯᠢ ᠺᠧ ᠴᠢᠶᠠᠩ 5᠎ ᠤ ᠡᠳᠦᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠬᠡᠯᠡᠭᠰᠡᠨ ᠨᠢ᠂ ᠳᠤᠮᠳᠠᠳᠤ ᠤᠯᠤᠰ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠨᠢ ︽13·5︾᠎ ᠶᠢᠨ ᠲᠦᠯᠦᠪᠵᠢᠬᠦᠯᠭᠡ ᠶᠢᠨ ᠰᠡᠭᠦᠯᠴᠢ ᠶᠢᠨ ᠬᠤᠭᠤᠴᠠᠭᠠᠨ ︵2020 ᠣᠨ ︶᠎ ᠳᠤ 90 ᠲᠦᠮᠡᠨ ᠳ᠋ᠦᠡᠭᠰᠢᠭᠤᠷ ᠲᠥᠭᠦᠷᠢᠭ ᠢ ᠳᠠᠪᠠᠭ᠋ᠤ ᠪᠤᠯᠤᠨ᠎ᠠ ᠭᠡᠪᠡ᠃᠃ 2015 ᠣᠨ ᠤ ᠳᠤᠮᠳᠠᠳᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠦᠷᠳᠡᠭ ᠨᠢ 67.7 ᠲᠦᠮᠡᠨ ᠳ᠋ᠦᠡᠭᠰᠢᠭᠤᠷ ᠲᠥᠭᠦᠷᠢᠭ ᠪᠣᠯᠤᠨ᠎ᠠ᠃ ᠯᠢ ᠺᠧ ᠴᠢᠶᠠᠩ ᠵᠢᠭᠠᠵᠤ ᠭᠠᠷᠭᠠᠭᠰᠠᠨ ᠨᠢ᠄ ︽ᠮᠠᠨ ᠤ ᠤᠯᠤᠰ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ 90 ᠲᠦᠮᠡᠨ ᠳ᠋ᠦᠡᠭᠰᠢᠭᠤᠷ ᠲᠥᠭᠦᠷᠢᠭ ᠢ ᠳᠠᠪᠠᠵᠤ᠂ ᠬᠥᠭᠵᠢᠯᠲᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠢᠯᠡᠳᠲᠡ ᠳᠡᠭᠡᠭᠰᠢᠯᠡᠬᠦ ᠪᠤᠯᠤᠨ᠎ᠠ︾ ᠬᠡᠪᠡ᠃ ᠲᠡᠷᠡ ᠬᠡᠯᠡᠭᠰᠡᠨ ᠨᠢ᠂ ᠳᠤᠮᠳᠠᠳᠤ ᠤᠯᠤᠰ ᠤᠨ ᠵᠠᠰᠠᠭ ᠤᠨ ᠣᠷᠳᠣᠨ ᠰᠢᠨ᠎ᠡ ᠡᠭᠦᠳᠦᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ ᠤᠯᠤᠰ ᠤᠨ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠦᠷᠦᠯ ᠵᠦᠢᠯ ᠢ ᠡᠬᠢᠯᠡᠭᠦᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠲᠠᠢ ᠤᠯᠤᠰ ᠤᠨ ᠰᠢᠨᠵᠢᠯᠡᠬᠦ ᠤᠬᠠᠭᠠᠨ ᠤ ᠲᠦᠪ ᠪᠤᠯᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠳᠡᠯᠡᠭᠡᠢ ᠶᠢᠨ ᠥᠷᠢᠰᠥᠯᠳᠦᠬᠦ ᠬᠦᠴᠦᠨ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ 2020 ᠣᠨ ᠪᠣᠯᠬᠤ ᠳᠤ᠂ ᠰᠠᠭᠤᠷᠢ ᠰᠤᠳᠤᠯᠭ᠎ᠠ᠂ ᠬᠡᠷᠡᠭᠯᠡᠭᠡᠨ ᠤ ᠰᠤᠳᠤᠯᠭ᠎ᠠ ᠪᠤᠯᠤᠨ ᠪᠠᠶᠢᠯᠳᠤᠬᠤ ᠪᠤᠳᠤᠯᠭ᠎ᠠ ᠶᠢᠨ ᠲᠡᠷᠢᠬᠦᠨ ᠤ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ 2.5 %᠎ ᠳᠤ ᠬᠦᠷᠦᠭᠦᠯᠦᠨ᠎ᠡ ᠭᠡᠪᠡ᠃      【ᠶᠠᠫᠣᠨ ᠤ ︽ ᠳ᠋ᠦ᠋ ᠮᠠᠢ ᠰᠣᠨᠢᠨ︾᠎ ᠤ ᠰᠦᠯᠵᠢᠶ᠎ᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ】 ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ︽13.5︾᠎ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠤ ᠠᠵᠤ ᠠᠬᠤᠶ ᠶᠢᠨ ᠵᠢᠯ ᠪᠦᠷᠢ ᠶᠢᠨ ᠳᠤᠮᠳᠠᠴᠢ ᠨᠡᠮᠡᠭᠳᠡᠯ ᠢ 6.5%᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠡᠨᠡ ᠬᠦ ᠬᠠᠷᠠᠯᠲᠠ ᠨᠢ ︽12·5︾᠎ ᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠤ 7% ᠪᠠᠶᠢᠭᠰᠠᠨ ᠠᠴᠠ ᠪᠠᠭᠤᠷᠠᠭᠰᠠᠨ ᠨᠢ᠂ ᠳᠤᠮᠳᠠᠳᠤ ᠤᠯᠤᠰ ᠨᠢᠭᠡ ᠲᠠᠯ᠎ᠠ ᠪᠠᠷ ᠠᠵᠤ ᠠᠬᠤᠶ ᠶᠢᠨ ᠵᠥᠷᠢᠴᠡᠯ ᠢ ᠨᠠᠮᠳᠠᠭᠤᠯᠵᠤ ᠨᠢᠭᠡ ᠲᠠᠯ᠎ᠠ ᠪᠠᠷ ᠲᠣᠭᠲᠠᠭᠤᠨ ᠨᠡᠮᠡᠭᠳᠡᠯ ᠢ ᠬᠡᠪ ᠢᠶᠠᠷ ᠪᠠᠶᠢᠯᠭᠠᠬᠤ ᠴᠢᠭᠯᠡᠯᠲᠡ ᠶᠢ ᠳᠤᠪᠤᠶᠢᠯᠭᠠᠭᠰᠠᠨ ᠪᠠᠶᠢᠨ᠎ᠠ᠃ ᠳᠠᠬᠢᠭᠠᠳ ᠬᠡᠯᠡᠪᠡᠯ ᠯᠢ ᠺᠧ ᠴᠢᠶᠠᠩ ᠪᠠᠰᠠ ᠠᠵᠤ ᠠᠬᠤᠶ ᠶᠢᠨ ᠪᠦᠲᠦᠴᠡ ᠶᠢ ᠥᠭᠡᠷᠡᠴᠢᠯᠡᠬᠦ ᠶᠠᠪᠤᠳᠠᠯ ᠤᠨ ᠴᠢᠬᠤᠯᠠ ᠴᠢᠨᠠᠷ ᠢ ᠴᠢᠬᠤᠯᠠᠴᠥᠠᠬᠤ ᠳᠠᠭᠠᠨ ᠵᠢᠭᠠᠵᠤ ᠭᠠᠷᠭᠠᠭᠰᠠᠨ ᠨᠢ ︽ᠪᠡᠯᠡ ᠣᠷᠣᠭᠤᠯᠤᠯᠲᠠ ᠶᠢᠨ ᠨᠡᠮᠡᠭᠳᠡᠯ ᠬᠦᠴᠦ ᠮᠡᠬᠦᠰᠳᠡᠵᠦ᠂ ᠵᠠᠷᠢᠮ ᠠᠵᠢᠯ ᠲᠦᠷᠤᠯ ᠤᠨ ᠦᠢᠯᠡᠳᠪᠦᠷᠢᠯᠡᠬᠦ ᠴᠢᠳᠠᠪᠤᠷᠢ ᠬᠦᠨᠳᠦ ᠨᠣᠴᠢᠲᠠᠶ ᠦᠯᠡᠭᠦᠳᠡᠵᠦ ᠪᠠᠶᠢᠭ᠎ᠠ ᠨᠢ︾᠂ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ︾᠎ ᠶᠢ ᠴᠢᠩᠭᠠᠳᠬᠠᠬᠤ ᠶᠢ ᠲᠤᠭᠲᠠᠭᠠᠭᠰᠠᠨ ᠪᠠᠶᠢᠨ᠎ᠠ᠃      【ᠭᠧᠷᠮᠠᠨ ᠤ ᠲᠠᠭᠤᠨ ᠷᠠᠳᠢᠣ᠋ ᠰᠦᠯᠵᠢᠶ᠎ᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ】 ︽ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠺᠧ ᠴᠢᠶᠠᠩ 5᠎ ᠤ ᠡᠳᠦᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠱᠢᠯᠲᠡ ᠪᠠᠷ᠂ ︽13 · 5︾᠎ ᠶᠢᠨ ᠲᠥᠯᠥᠪᠵᠢᠭᠦᠯᠭᠡ ᠶᠢ ᠪᠠᠲᠤᠯᠠᠬᠤ ᠪᠤᠯᠤᠨ᠎ᠠ᠃ ᠡᠨᠡ ᠵᠢᠯ ᠤᠨ ᠬᠤᠶᠠᠷ ᠬᠤᠷᠠᠯ ᠤᠨ ᠲᠥᠯᠥᠭᠡᠯᠡᠭᠴᠢᠳ ᠡᠪ ᠬᠠᠮᠲᠤ ᠨᠠᠮ ᠤᠨ ᠰᠢᠨ᠎ᠡ ᠬᠥᠭᠵᠢᠯᠲᠡ ᠶᠢᠨ ᠲᠥᠯᠥᠪᠯᠡᠭᠡ ᠶᠢ ᠠᠩᠬᠠᠷᠴᠤ ᠪᠤᠢ᠂ ᠡᠨᠡ ᠪᠣᠯ ᠳᠤᠮᠳᠠᠳᠤ ᠤᠯᠤᠰ ᠬᠡᠯᠪᠡᠷᠢ ᠪᠠᠨ ᠬᠤᠪᠢᠷᠠᠭᠤᠯᠤᠨ ᠳᠤᠮᠳᠠ ᠵᠡᠷᠭᠡ ᠶᠢᠨ ᠣᠷᠣᠯᠭ᠎ᠠ ᠲᠠᠢ ᠤᠯᠤᠰ ᠪᠤᠯᠵᠤ᠂ ᠳᠣᠲᠣᠭᠠᠳᠤ ᠬᠡᠷᠡᠭᠴᠡᠭᠡ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠵᠤ ᠪᠠᠶᠢᠭ᠎ᠠ ᠶᠤᠮ᠂ ᠬᠠᠷᠢᠨ  ᠪᠡᠯᠡ ᠣᠷᠣᠭᠤᠯᠤᠯᠲᠠ᠂ ᠠᠷᠠᠯᠵᠢᠶ᠎ᠠ ᠪᠠ ᠬᠦᠨᠳᠦ ᠦᠢᠯᠡᠳᠪᠦᠷᠢ ᠶᠢ ᠲᠦᠰᠢᠭᠯᠡᠭᠰᠡᠨ  ᠵᠠᠩᠭᠢᠯᠠᠭ᠎ᠠ ᠶᠢᠨ ᠠᠯᠬᠤᠮ ᠪᠢᠰᠢ᠃      ᠣᠯᠠᠨ ᠵᠦᠢᠯ ᠤᠨ ᠳᠠᠪᠠᠭᠤᠯᠢᠭ ᠲᠠᠯ᠎ᠠ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ      【 ᠠᠮᠧᠷᠢᠺᠠ ᠶᠢᠨ ︽ᠸᠤᠯ ᠵᠡᠭᠡᠯᠢ ᠶᠢᠨ ᠡᠳᠦᠷ ᠤᠨ ᠰᠣᠨᠢᠨ︾᠎ ᠤ ᠰᠦᠯᠵᠢᠶᠡᠨ ᠦᠷᠲᠡᠭᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ 】 ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠠᠷᠠᠭ ᠤᠨ ᠵᠢᠷᠭᠤᠭᠠᠨ ᠤ ᠡᠳᠦᠷ ᠬᠡᠯᠡᠭᠰᠡᠨ ᠨᠢ᠂ ᠳᠤᠮᠳᠠᠳᠤ ᠤᠯᠤᠰ ᠤᠨ ᠡᠨᠡ ᠵᠢᠯ ᠤᠨ ᠠᠵᠤ ᠠᠬᠤᠶ ᠶᠢᠨ ᠨᠡᠮᠡᠭᠳᠡᠯ ᠤᠨ ᠬᠠᠷᠠᠯᠲᠠ 6.5% — 7% ᠪᠠᠶᠢᠵᠤ᠂ ᠡᠨᠡ ᠬᠦ ᠨᠡᠮᠡᠭᠳᠡᠯ ᠤᠨ ᠬᠠᠷᠠᠯᠲᠠ ᠨᠢ ᠵᠠᠰᠠᠭ ᠤᠨ ᠣᠷᠳᠣᠨ ᠠᠴᠠ ᠠᠵᠤ ᠠᠬᠤᠶ ᠠᠯᠭᠤᠷ ᠪᠣᠯᠤᠭᠰᠠᠨ ᠣᠳᠣᠬᠢ ᠪᠠᠶᠢᠳᠠᠯ ᠳᠤ ᠵᠥᠪ ᠢᠶᠠᠷ ᠬᠠᠨᠳᠤᠭᠰᠠᠨ ᠢ ᠬᠠᠷᠠᠭᠤᠯᠵᠤ ᠪᠠᠶᠢᠨ᠎ᠠ ᠭᠡᠪᠡ᠃      ᠡᠨᠡ ᠪᠣᠯ ᠣᠶᠢᠷ᠎ᠠ ᠶᠢᠨ 20 ᠵᠢᠯ ᠤᠨ ᠲᠤᠷᠰᠢ ᠳᠤᠮᠳᠠᠳᠤ ᠤᠯᠤᠰ ᠤᠨ ᠵᠠᠰᠠᠭ ᠤᠨ ᠣᠷᠳᠣᠨ ᠠᠩᠬ᠎ᠠ ᠤᠳᠠᠭ᠎ᠠ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠶᠢ ᠨᠢᠭᠡᠨ ᠤᠷᠤᠨ ᠵᠠᠢ ᠶᠢᠨ ᠳᠣᠲᠤᠷ᠎ᠠ ᠲᠣᠭᠲᠠᠭᠠᠵᠤ᠂ ᠡᠨᠡᠬᠦ ᠠᠵᠢᠯᠯᠠᠭ᠎ᠠ ᠨᠢ ᠵᠠᠰᠠᠭ ᠤᠨ ᠣᠷᠳᠣᠨ ᠢ ᠲᠥᠯᠥᠪᠯᠡᠭᠡ ᠶᠢ ᠬᠡᠷᠡᠭᠵᠢᠭᠦᠯᠬᠦ ᠲᠠᠯ᠎ᠠ ᠪᠠᠷ ᠨᠡᠩ ᠶᠡᠭᠡ ᠤᠶᠠᠨ ᠬᠠᠳᠠᠨ ᠴᠢᠨᠠᠷ ᠲᠠᠢ ᠪᠣᠯᠭᠠᠪᠠ᠃ ᠳᠤᠮᠳᠠᠳᠤ ᠤᠯᠤᠰ ᠤᠨ ᠤᠯᠤᠰ ᠲᠦᠷᠦ ᠶᠢᠨ ᠪᠠᠶᠢᠭᠤᠯᠤᠯ ᠳᠣᠣᠷ᠎ᠠ᠂ ᠤᠷᠢᠳᠴᠢᠯᠠᠨ ᠲᠣᠭᠲᠠᠭᠠᠭᠰᠠᠨ ᠡᠭᠦᠷᠭᠡ ᠪᠠᠨ ᠪᠡᠶᠡᠯᠡᠭᠦᠯᠬᠦ ᠪᠣᠯ ᠮᠥᠨ ᠲᠦᠢᠯ ᠤᠨ ᠴᠢᠬᠤᠯᠠ ᠤᠯᠤᠰ ᠲᠦᠷᠦ ᠶᠢᠨ ᠠᠴᠢ ᠬᠤᠯᠪᠣᠭᠳᠠᠯ ᠲᠠᠢ ᠶᠤᠮ᠃      ᠣᠳᠣᠬᠠᠨ ᠳᠤ ᠳᠤᠮᠳᠠᠳᠤ ᠤᠯᠤᠰ ᠶᠠᠭ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠬᠢᠵᠦ ᠪᠠᠶᠢᠬᠤ ᠮᠥᠷᠲᠡᠭᠡᠨ ᠪᠦᠬᠦ ᠪᠥᠮᠪᠥᠷᠴᠡᠭ ᠤᠨ ᠠᠵᠤ ᠠᠬᠤᠶ ᠮᠠᠭᠤᠲᠠᠵᠤ ᠪᠠᠶᠢᠭ᠎ᠠ ᠦᠶ᠎ᠡ ᠳᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠠᠴᠠ ᠨᠡᠮᠡᠭᠳᠡᠯ ᠤᠨ ᠬᠤᠷᠳᠤᠴᠠ ᠶᠢᠨ ᠬᠠᠷᠠᠯᠲᠠ ᠪᠠᠨ ᠳᠣᠷᠤᠭᠰᠢᠯᠠᠭᠤᠯᠤᠭᠰᠠᠨ ᠨᠢ ᠨᠡᠶᠢᠳᠡᠮ ᠤᠨ ᠵᠢᠱᠢᠯᠲᠡ ᠲᠠᠢ ᠨᠡᠶᠢᠴᠡᠵᠦ ᠪᠠᠶᠢᠨ᠎ᠠ᠃      ᠯᠢ ᠺᠧ ᠴᠢᠶᠠᠩ ᠭᠠᠷᠠᠭ ᠤᠨ ᠵᠢᠷᠭᠤᠭᠠᠨ ᠤ ᠡᠳᠦᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠬᠦ ᠬᠤᠷᠠᠯ ᠳᠤ ᠳᠡᠭᠡᠷ᠎ᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠡᠭᠡᠨ᠂ ᠠᠵᠤ ᠠᠬᠤᠶ ᠶᠢᠨ ᠨᠡᠮᠡᠭᠳᠡᠯ ᠳᠤ ᠲᠤᠯᠭᠠᠷᠠᠵᠤ ᠪᠠᠶᠢᠭ᠎ᠠ ᠬᠠᠷᠰᠢᠯᠠᠬᠤ ᠬᠦᠴᠦᠨ ᠵᠦᠢᠯ ᠢ ᠳᠤᠷᠠᠳᠪᠠ᠂ ᠵᠢᠱᠢᠶᠡᠯᠡᠪᠡᠯ ᠦᠩᠭᠡᠷᠡᠭᠰᠡᠨ ᠵᠢᠯ ᠤᠨ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ 6 ᠵᠢᠯ ᠤᠨ ᠲᠤᠷᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ᠂ ᠣᠯᠠᠨ ᠤᠯᠤᠰ ᠤᠨ ᠠᠷᠠᠯᠵᠢᠶᠠᠨ ᠤ ᠨᠡᠮᠡᠭᠳᠡᠯ ᠤᠨ ᠬᠤᠷᠳᠤᠴᠠ ᠤᠯᠠᠮ ᠳᠣᠣᠷ᠎ᠠ ᠪᠣᠯᠵᠤ᠂ ᠥᠷᠭᠡᠨ ᠬᠡᠷᠡᠭᠯᠡᠭᠡᠨ ᠤ ᠲᠠᠸᠠᠷ ᠤᠨ ᠦᠨ᠎ᠡ ᠬᠠᠩᠰᠢ ᠶᠡᠭᠡ ᠪᠠᠷ ᠪᠠᠭᠤᠷᠠᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠡᠯᠪᠡᠯᠵᠡᠯ ᠰᠢᠷᠦᠭᠦᠰᠪᠡ᠃ ᠭᠡᠪᠡᠴᠦ ᠲᠡᠷᠡ ᠪᠠᠰᠠ ᠬᠡᠯᠡᠬᠦ ᠳᠡᠭᠡᠨ᠂ ᠤᠯᠠᠨ ᠵᠢᠯ ᠤᠨ ᠲᠦᠷᠭᠡᠨ ᠬᠥᠭᠵᠢᠯᠲᠡ ᠪᠠᠷ ᠳᠠᠮᠵᠢᠨ᠂ ᠳᠤᠮᠳᠠᠳᠤ ᠤᠯᠤᠰ ᠤᠨ ᠪᠣᠳᠠᠰ ᠤᠨ ᠰᠠᠭᠤᠷᠢ ᠵᠤᠵᠠᠭᠠᠨ᠂ ᠠᠵᠤ ᠠᠬᠤᠶ ᠶᠢᠨ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠭᠦᠢᠴᠡᠳ᠂ ᠪᠣᠯᠤᠮᠵᠢ ᠪᠠᠷ ᠶᠡᠭᠡ ᠪᠠᠶᠢᠨ᠎ᠠ ᠭᠡᠪᠡ᠃      ᠭᠠᠷᠠᠭ ᠤᠨ ᠵᠢᠷᠭᠤᠭᠠᠨ ᠤ ᠡᠳᠦᠷ ᠤᠨ ᠨᠡᠶᠢᠲᠡᠯᠡᠭᠰᠡᠨ ᠶᠡᠷᠦᠩᠬᠡᠶ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠎ ᠨᠢ ᠰᠠᠨᠠᠮᠰᠠᠷ ᠦᠭᠡᠢ ᠪᠢᠰᠢ᠂ ᠡᠨᠡ ᠨᠢ ᠳᠤᠮᠳᠠᠳᠤ ᠤᠯᠤᠰ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠪᠠᠭᠤᠷᠠᠬᠤ ᠦᠶ᠎ᠡ ᠳᠤ᠂ ᠵᠠᠰᠠᠭ ᠤᠨ ᠣᠷᠳᠣᠨ ᠠᠴᠠ ᠦᠷᠭᠦᠯᠵᠢᠯᠡᠨ ᠲᠣᠭᠳᠠᠭᠤᠨ ᠨᠡᠮᠡᠭᠳᠡᠯ ᠢ ᠲᠡᠷᠢᠭᠦᠨ ᠲᠠᠯᠪᠢᠨ ᠪᠣᠳᠤᠯᠬᠢᠯᠠᠭᠰᠠᠨ ᠠᠰᠠᠭᠤᠳᠠᠯ ᠪᠣᠯᠬᠤ ᠶᠢ ᠬᠠᠷᠠᠭᠤᠯᠵᠤ ᠪᠠᠶᠢᠨ᠎ᠠ᠃      ᠵᠠᠰᠠᠭ ᠤᠨ ᠣᠷᠳᠣᠨ ᠠᠴᠠ ᠠᠵᠤ ᠠᠬᠤᠶ ᠶᠢᠨ ᠪᠦᠲᠦᠴᠡ ᠶᠢ ᠦᠷᠭᠦᠯᠵᠢᠯᠡᠨ ᠲᠣᠬᠢᠷᠠᠭᠤᠯᠬᠤ ᠶᠢ ᠠᠮᠠᠯᠠᠵᠤ᠂ ᠬᠡᠷᠡᠭᠯᠡᠭᠡᠨ ᠤ ᠪᠠ ᠦᠢᠯᠡᠴᠢᠯᠡᠭᠡᠨ ᠤ ᠳᠠᠶᠢᠴᠢᠯᠠᠬᠤ ᠬᠡᠯᠪᠡᠷᠢ ᠶᠢ ᠠᠵᠤ ᠠᠬᠤᠶ ᠶᠢᠨ ᠬᠡᠯᠪᠡᠷᠢ ᠲᠡᠰᠢ ᠬᠤᠪᠢᠷᠠᠭᠤᠯᠵᠦ᠂ ᠬᠡᠳᠦᠨ ᠠᠷᠪᠠᠨ ᠵᠢᠯ ᠤᠨ ᠲᠤᠷᠰᠢᠬᠢ ᠪᠡᠯᠡ ᠣᠷᠣᠭᠤᠯᠤᠯᠲᠠ ᠪᠠ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠲᠦᠰᠢᠭᠯᠡᠬᠦ ᠪᠠᠨ ᠪᠠᠭᠠᠰᠬᠠᠬᠤ ᠪᠠᠷ ᠣᠷᠤᠯᠳᠤᠵᠤ ᠪᠠᠶᠢᠨ᠎ᠠ᠃ ᠭᠡᠪᠡᠴᠦ ᠵᠠᠰᠠᠭ ᠤᠨ ᠣᠷᠳᠣᠨ ᠴᠤ ᠦᠷᠭᠦᠯᠵᠢᠯᠡᠨ ᠪᠡᠯᠡ ᠣᠷᠣᠭᠤᠯᠤᠯᠲᠠ ᠪᠠᠷ ᠳᠠᠮᠵᠢᠨ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠪᠠᠶᠢᠯᠳᠤᠬᠤ ᠪᠤᠳᠤᠯᠭ᠎ᠠ ᠶᠢ ᠳᠤᠷᠠᠳᠤᠭᠰᠠᠨ ᠪᠠᠶᠢᠨ᠎ᠠ᠃      ᠠᠵᠢᠯ ᠤᠨ ᠢᠯᠡᠳᠭᠡᠯ ᠨᠢ ᠭᠠᠳᠠᠭᠠᠳᠤ ᠠᠷᠠᠯᠵᠢᠶᠠᠨ ᠤ ᠲᠤᠬᠠᠢ ᠪᠣᠳᠠᠲᠠᠶ ᠬᠠᠷᠠᠯᠲᠠ ᠭᠠᠷᠭᠠᠭᠰᠠᠨ ᠦᠭᠡᠢ᠂ ᠡᠨᠡ ᠨᠢ ᠥᠩᠭᠡᠷᠡᠭᠰᠡᠨ ᠤ ᠬᠡᠳᠦᠨ ᠵᠢᠯ ᠤᠨ ᠬᠢ ᠲᠠᠢ ᠠᠳᠠᠯᠢ ᠪᠤᠰᠤ ᠪᠣᠯᠵᠤ᠂ ᠡᠨᠡ ᠨᠢ ᠪᠦᠬᠦ ᠪᠥᠮᠪᠥᠷᠴᠡᠭ ᠤᠨ ᠬᠡᠷᠡᠭᠴᠡᠭᠡ ᠪᠠᠭᠤᠷᠠᠭᠰᠠᠨ ᠵᠢᠴᠢ ᠭᠠᠳᠠᠭᠠᠳᠤ ᠭᠠᠷᠭᠠᠯᠲᠠ ᠪᠠᠷ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠬᠦᠴᠦᠨ ᠵᠦᠢᠯ ᠪᠣᠯᠭᠠᠬᠤ ᠴᠢᠬᠤᠯᠠ ᠬᠡᠮᠵᠢᠶ᠎ᠡ ᠰᠤᠯᠠᠷᠠᠭᠰᠠᠨ ᠢ ᠬᠠᠷᠠᠭᠤᠯᠵᠤ ᠪᠠᠶᠢᠨ᠎ᠠ᠃      ᠠᠵᠤ ᠠᠬᠤᠶ ᠶᠢᠨ ᠠᠯᠬᠤᠮ ᠠᠯᠬᠤᠮ ᠢᠶᠠᠷ ᠪᠣᠯᠪᠠᠰᠤᠷᠠᠩᠭᠤᠶ ᠪᠣᠯᠤᠭᠰᠠᠨ ᠤ ᠳᠠᠷᠠᠭᠠᠬᠢ ᠤᠯᠠᠨ ᠵᠦᠢᠯ ᠤᠨ ᠪᠠᠭᠤᠷᠠᠬᠤ ᠳᠠᠷᠤᠯᠲᠠ ᠳᠤ᠂ ᠳᠤᠮᠳᠠᠳᠤ ᠤᠯᠤᠰ ᠰᠢᠨ᠎ᠡ ᠨᠡᠮᠡᠭᠳᠡᠯ ᠤᠨ ᠴᠡᠭ ᠲᠤ ᠲᠥᠰᠢᠭᠯᠡᠨ ᠠᠵᠤ ᠠᠬᠤᠢ ᠪᠠᠨ ᠥᠭᠡᠳᠡᠯᠡᠬᠦ ᠵᠠᠮ ᠳᠤ ᠣᠷᠤᠭᠤᠯᠬᠤ ᠶᠢ ᠬᠦᠰᠡᠵᠡᠢ᠂ ᠵᠢᠱᠢᠶᠡᠯᠡᠪᠡᠯ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠬᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠠ ᠬᠤᠳᠠ ᠶᠢᠨ ᠰᠦᠷᠦᠭᠯᠡᠯ ᠢ ᠬᠦᠭᠵᠢᠭᠦᠯᠬᠦ ᠵᠡᠷᠭᠡ ᠪᠣᠯᠤᠨ᠎ᠠ᠃ ᠯᠢ ᠺᠧ ᠴᠢᠶᠠᠩ ᠬᠡᠯᠡᠭᠰᠡᠨ ᠨᠢ ᠬᠤᠲᠠ ᠪᠠᠯᠭᠠᠰᠤᠵᠢᠯᠲᠠ ᠪᠣᠯ ᠳᠤᠮᠳᠠᠳᠤ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠠᠬᠢ ᠵᠠᠶᠢᠯᠠᠰᠢ ᠦᠭᠡᠢ ᠶᠠᠪᠤᠬᠤ ᠵᠠᠮ ᠮᠥᠨ᠂ ᠬᠠᠮᠤᠭ ᠤᠨ ᠶᠡᠭᠡ ᠳᠣᠲᠣᠭᠠᠳᠤ ᠬᠡᠷᠡᠭᠴᠡᠭᠡᠨ ᠤ ᠳᠠᠯᠳᠠ ᠪᠣᠯᠤᠯᠴᠠᠭ᠎ᠠ ᠪᠠ ᠬᠦᠭᠵᠢᠭᠦᠯᠦᠯᠲᠡ ᠶᠢᠨ ᠬᠦᠳᠡᠯᠭᠡᠭᠴᠢ ᠡᠨᠧᠷᠭᠢ ᠪᠣᠯᠤᠨ᠎ᠠ ᠭᠡᠪᠡ᠃      【ᠰᠢᠶᠠᠩᠭᠠᠩ ᠤᠨ ︽ᠨᠠᠨ ᠬᠤᠸᠠ ᠥᠷᠯᠥᠭᠡ ᠶᠢᠨ ᠰᠣᠨᠢᠨ︾᠎ ᠤ ᠰᠦᠯᠵᠢᠶᠡᠨ ᠦᠷᠲᠡᠭᠡ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ 】ᠳᠤᠮᠳᠠᠳᠤ ᠤᠯᠤᠰ ᠤᠨ ᠶᠡᠷᠦᠩᠬᠡᠶ ᠰᠠᠶᠢᠳ ᠯᠢ ᠺᠧ ᠴᠢᠶᠠᠩ 5᠎ ᠤ ᠡᠳᠦᠷ ᠵᠢᠭᠠᠵᠤ ᠭᠠᠷᠭᠠᠭᠰᠠᠨ ᠨᠢ᠂ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ 6.5% — 7% ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠲᠠᠢ ᠠᠪᠴᠠᠯᠳᠤᠭᠤᠯᠬᠤ ᠶᠢ ᠪᠣᠳᠤᠯᠬᠢᠯᠠᠨ᠂ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠴᠡᠭᠡ ᠶᠢ ᠪᠣᠳᠤᠯᠬᠢᠯᠠᠭᠰᠠᠨ ᠠᠴᠠ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ ᠪᠠ ᠬᠥᠲᠥᠯᠥᠨ ᠵᠢᠯᠣᠭᠤᠳᠬᠤ ᠎ ᠳᠤ ᠴᠦ ᠠᠰᠢᠭᠲᠠᠶ ᠭᠡᠪᠡ᠃      ᠯᠢ ᠺᠧ ᠴᠢᠶᠠᠩ ᠢᠲᠡᠭᠡᠯ ᠲᠡᠭᠦᠯᠳᠡᠷ ᠢᠶᠠᠷ ᠬᠡᠯᠡᠭᠰᠡᠨ ᠨᠢ᠄ ︽ᠬᠦᠴᠢᠷ ᠪᠡᠷᠬᠡᠰᠢᠶᠡᠯ ᠪᠠ ᠥᠷᠢᠰᠥᠯᠳᠦᠭᠡᠨ ᠨᠢ ᠲᠡᠶᠢᠮᠦ ᠰᠦᠷᠡᠬᠡᠶ ᠶᠠᠪᠤᠳᠠᠯ ᠪᠢᠰᠢ᠃ ᠳᠤᠮᠳᠠᠳᠤ ᠤᠯᠤᠰ ᠤᠨ ᠬᠥᠭᠵᠢᠯᠲᠡ ᠶᠡᠷᠦ ᠠᠴᠠ ᠪᠠᠨ ᠥᠷᠢᠰᠥᠯᠳᠦᠭᠡᠨ ᠤ ᠳᠤᠮᠳᠠ ᠤᠷᠤᠭᠰᠢᠯᠠᠭᠰᠠᠭᠠᠷ ᠢᠷᠡᠭᠰᠡᠨ ᠪᠣᠯᠬᠤᠷ ᠳᠠᠪᠠᠵᠤ ᠳᠡᠶᠢᠯᠬᠦ ᠦᠭᠡᠢ ᠳᠠᠪᠠᠭ᠎ᠠ ᠭᠡᠵᠦ ᠪᠠᠶᠢᠬᠤ ᠦᠭᠡᠢ᠃︾ ᠲᠡᠭᠦᠨ ᠤ ᠦᠵᠡᠬᠦ ᠪᠠᠷ᠂ ᠳᠤᠮᠳᠠᠳᠤ ᠤᠯᠤᠰ ᠤᠨ ᠤᠯᠠᠨ ᠵᠦᠢᠯ ᠤᠨ ᠳᠠᠪᠠᠭᠤᠯᠢᠭ ᠨᠢ ᠥᠷᠢᠰᠥᠯᠳᠦᠭᠡᠨ ᠢ ᠠᠷᠭᠠᠴᠠᠵᠤ ᠴᠢᠳᠠᠨ᠎ᠠ᠂ ︽ᠢᠯᠠᠩᠭᠤᠶ᠎ᠠ ᠮᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠪᠣᠯᠤᠨ᠎ᠠ︾ ᠭᠡᠪᠡ᠃      【ᠪᠡᠭᠡᠵᠢᠩ ᠳᠠᠬᠢ ᠷᠦᠲ᠋ᠧᠷ ᠬᠤᠷᠢᠶᠠᠨ ᠤ 3 ᠳ᠋ᠤᠭᠠᠷ ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ 】 ᠳᠤᠮᠳᠠᠳᠤ ᠤᠯᠤᠰ ᠤᠨ ᠶᠡᠷᠦᠩᠬᠡᠶ ᠰᠠᠶᠢᠳ ᠯᠢ ᠺᠧ ᠴᠢᠶᠠᠩ ᠵᠢᠯ ᠪᠦᠷᠢ ᠶᠢᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠤᠷᠠᠯᠳᠤᠭᠠᠨ ᠤ ᠡᠬᠢᠯᠡᠬᠦ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠬᠡᠯᠡᠭᠰᠡᠨ ᠨᠢ᠂ ᠳᠤᠮᠳᠠᠳᠤ ᠤᠯᠤᠰ ᠡᠨᠡ ᠵᠢᠯ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠠᠰᠠᠭᠤᠳᠠᠯ ᠢ ᠡᠷᠴᠢᠮᠯᠡᠨ ᠨᠠᠮᠳᠠᠭᠤᠯᠵᠤ᠂ ᠪᠤᠯᠤᠳ ᠲᠡᠮᠦᠷ᠂ ᠨᠡᠭᠦᠷᠡᠰᠦ ᠵᠡᠷᠭᠡ ᠬᠦᠴᠢᠷᠳᠡᠯ ᠲᠠᠢ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠬᠡᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠪᠥᠭᠡᠳ ︽ᠬᠦᠰᠢᠭᠦᠷᠡᠭᠰᠡᠨ ᠠᠵᠤ ᠠᠬᠤᠶᠢᠯᠠᠯ︾᠎ ᠢ ᠯᠠᠪᠳᠠᠭᠤᠨ ᠢᠶᠠᠷ ᠰᠢᠢᠳᠪᠦᠷᠢᠯᠡᠨ᠎ᠡ ᠭᠡᠪᠡ᠃      ᠯᠢ ᠺᠧ ᠴᠢᠶᠠᠩ ᠳᠠᠬᠢᠨ ᠲᠣᠳᠣᠷᠬᠠᠶᠢᠯᠠᠭᠰᠠᠨ ᠨᠢ᠂ ᠡᠨᠡ ᠵᠢᠯ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠦᠨᠳᠦᠰᠦᠨ ᠲᠣᠭᠲᠠᠪᠤᠷᠢ ᠶᠢ ᠪᠠᠷᠢᠮᠳᠠᠯᠠᠬᠤ ᠶᠢᠨ ᠬᠠᠮᠲᠤ ᠪᠡᠭᠡᠵᠢᠩ ᠬᠤᠲᠠ ᠶᠢᠨ ᠬᠢᠨ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢᠨ ᠵᠠᠬ᠎ᠠ ᠳᠡᠯᠭᠡᠭᠦᠷᠴᠢᠯᠡᠭᠳᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠲᠡᠷᠡ ᠬᠡᠯᠡᠭᠰᠡᠨ ᠨᠢ᠂ ᠵᠠᠰᠠᠭ ᠤᠨ ᠣᠷᠳᠣᠨ ᠠᠴᠠ ᠭᠠᠳᠠᠭᠠᠳᠤ ᠵᠢᠭᠡᠯᠡᠯᠭᠡ ᠶᠢᠨ ᠬᠤᠷᠸ᠎ᠠ ᠲᠠᠯ᠎ᠠ ᠶᠢᠨ ᠪᠣᠯᠭᠤᠮᠵᠢᠲᠠᠶ ᠬᠠᠮᠢᠶᠠᠷᠤᠯᠲᠠ ᠪᠠᠨ ᠴᠢᠩᠭᠠᠳᠬᠠᠬᠤ ᠪᠦᠭᠡᠳ ᠠᠷᠭ᠎ᠠ ᠬᠡᠮᠵᠢᠶ᠎ᠡ ᠠᠪᠴᠤ ᠰᠢᠰᠲ᠋ᠧᠮᠲᠦ ᠴᠢᠨᠠᠷᠲᠠᠶ ᠪᠠ ᠣᠷᠣᠨ ᠪᠦᠰᠡ ᠶᠢᠨ ᠴᠢᠨᠠᠷᠲᠠᠶ ᠠᠶᠤᠯ ᠲᠦᠭᠰᠢᠭᠦᠷᠢ ᠭᠠᠷᠬᠤ ᠶᠢ ᠰᠡᠷᠭᠡᠶᠢᠯᠡᠨ᠎ᠡ ᠭᠡᠪᠡ᠃      【 ᠣᠷᠣᠰ ᠤᠨ ᠰᠣᠨᠢᠨ ᠮᠡᠳᠡᠭᠡᠨ ᠤ ᠬᠤᠷᠢᠶ᠎ᠠ ᠶᠢᠨ ᠮᠣᠰᠺᠸᠠ ᠶᠢᠨ 3 ᠳ᠋ᠤᠭᠠᠷ ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ 】 ᠳᠤᠮᠳᠠᠳᠤ ᠤᠯᠤᠰ ᠤᠨ ᠵᠠᠰᠠᠭ ᠤᠨ ᠣᠷᠳᠣᠨ ᠤ ᠲᠦᠯᠦᠪᠯᠡᠯᠭᠡ ᠪᠠᠷ 2016 ᠣᠨ ᠳᠤ ᠢᠳᠡᠪᠬᠢᠲᠡᠶ ᠡᠳ᠋ ᠤᠨ ᠵᠠᠰᠠᠭ ᠤᠨ ᠲᠥᠷᠦ ᠶᠢᠨ ᠪᠤᠳᠤᠯᠭ᠎ᠠ ᠪᠠ ᠯᠠᠪᠳᠠᠭᠤᠨ ᠪᠠᠳᠤᠲᠠᠢ ᠵᠣᠭᠤᠰᠣᠨ ᠤ ᠲᠦᠷᠥ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠣᠯᠤᠨ᠎ᠠ᠃ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠬᠡᠯᠡᠭᠰᠡᠨ ᠨᠢ᠂ ᠯᠠᠪᠳᠠᠭᠤᠨ ᠪᠠᠳᠤᠲᠠᠢ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠠᠮᠢᠳᠤᠯᠢᠭ ᠬᠡᠮᠵᠢᠶ᠎ᠡ ᠶᠢ ᠲᠣᠬᠢᠷᠠᠮᠵᠢᠲᠠᠶ ᠪᠠᠶᠢᠯᠭᠠᠨ᠎ᠠ ᠭᠡᠪᠡ᠃ ᠢᠯᠵᠠᠷᠠᠯ ᠢ ᠡᠰᠡᠷᠭᠦᠴᠡᠬᠦ ᠠᠷᠠᠳ ᠤᠨ ᠠᠮᠢᠳᠤᠷᠠᠯ ᠣᠷᠴᠢᠨ ᠠᠬᠤᠶ ᠶᠢ ᠬᠠᠮᠠᠭᠠᠯᠠᠬᠤ ᠶᠢ ᠵᠡᠷᠭᠡᠪᠡᠷ ᠠᠳᠬᠤᠬᠤ      【 ᠠᠶᠢᠹᠧᠷ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ 】ᠳᠤᠮᠳᠠᠳᠤ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ 5᠎ ᠤ ᠡᠳᠦᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠪᠠ᠃      ᠯᠢ ᠺᠧ ᠴᠢᠶᠠᠩ ᠢᠯᠡᠳᠬᠡᠯ ᠳᠡᠭᠡᠨ ᠴᠢᠬᠤᠯᠠᠴᠢᠯᠠᠭᠰᠠᠨ ᠨᠢ᠂ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠎ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠵᠦᠢᠯ ᠤᠨ ᠰᠠᠬᠢᠯᠭ᠎ᠠ ᠪᠠᠲᠤ ᠠᠴᠠ ᠵᠥᠷᠢᠴᠡᠬᠦ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠪᠥᠭᠡᠳ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠢᠨᠠᠨ ᠪᠤᠳᠤᠯᠳᠡ ᠬᠢᠬᠦ ᠶᠢ ᠨᠡᠶᠢᠳᠡᠮ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃      ᠯᠢ ᠺᠧ ᠴᠢᠶᠠᠩ ᠪᠠᠰᠠ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠡᠷᠬᠡ ᠶᠢ ᠬᠠᠰᠤᠵᠤ ᠡᠷᠬᠡ ᠶᠢ  ᠬᠢᠵᠠᠭᠠᠷᠯᠠᠬᠤ᠂ ᠬᠢᠨᠠᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠪᠠᠷ ᠢᠯᠵᠢᠷᠡᠯ ᠤᠨ ᠣᠷᠣᠨ ᠵᠠᠢ ᠶᠢ ᠪᠠᠭᠠᠰᠬᠠᠵᠤ᠂ ᠢᠯᠵᠠᠷᠠᠯ ᠡᠭᠦᠰᠬᠦ ᠬᠥᠷᠥᠰᠥ ᠰᠢᠷᠣᠶ ᠶᠢ ᠠᠷᠢᠯᠭᠠᠨ᠎ᠠ᠃      ᠳᠤᠮᠳᠠᠳᠤ ᠤᠯᠤᠰ ᠤᠨ ᠲᠡᠷᠢᠭᠦᠯᠡᠭᠴᠢ ᠰᠢ ᠶᠢᠨ ᠫᠢᠩ 3 ᠵᠢᠯ ᠤᠨ ᠡᠮᠦᠨ᠎ᠡ ᠲᠡᠷᠢᠭᠦᠯᠡᠭᠴᠢ ᠪᠣᠯᠤᠭᠰᠠᠨ ᠠᠴᠠ ᠨᠠᠰᠢ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠦᠬᠦ ᠤᠯᠤᠰ ᠤᠨ ᠡᠯ᠎ᠡ ᠬᠦᠷᠢᠶᠡᠨ ᠳᠠᠬᠢ ᠢᠯᠵᠠᠷᠠᠯ ᠢ ᠡᠰᠡᠷᠭᠦᠴᠡᠬᠦ ᠨᠢᠭᠡᠨ ᠤᠳᠠᠭᠠᠨ ᠤ ᠰᠦᠷ ᠳᠠᠯᠠᠶᠢᠴᠠᠲᠠᠶ ᠬᠥᠳᠡᠯᠭᠡᠭᠡᠨ ᠢ ᠥᠷᠨᠢᠭᠦᠯᠪᠡ᠃      ᠯᠢ ᠺᠧ ᠴᠢᠶᠠᠩ ᠴᠢᠬᠤᠯᠠᠴᠢᠯᠠᠭᠰᠠᠨ ᠨᠢ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠠᠮ ᠳᠤ ᠣᠷᠣᠭᠤᠯᠬᠤ ᠬᠡᠷᠡᠭᠲᠡᠶ᠃     【 ᠠᠶᠢᠹᠧᠷ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ 】 ᠥᠨᠥᠳᠦᠷ ᠤᠨ ᠳᠤᠮᠳᠠᠳᠤ ᠤᠯᠤᠰ ᠤᠨ ᠨᠡᠶᠢᠲᠡᠯᠡᠭᠰᠡᠨ ᠂ ᠡᠨᠡ ᠵᠢᠯ ᠤᠨ ᠬᠤᠳᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 160 ᠳ᠋ᠦᠩᠰᠢᠭᠤᠷ ᠲᠥᠭᠦᠷᠢᠭ ᠲᠣᠬᠢᠷᠠᠭᠤᠯᠵᠤ᠂ 2015 ᠣᠨ ᠤ ᠬᠢ ᠠᠴᠠ 9.6 %᠎ ᠪᠠᠷ ᠨᠡᠮᠡᠭᠳᠡᠭᠦᠯᠬᠦ ᠪᠣᠯᠣᠨ᠎ᠠ᠃      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠳᠡᠭᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢ ᠬᠤᠯᠪᠣᠯᠳᠤᠭᠤᠯᠤᠨ ᠥᠭᠡᠷᠡᠴᠢᠯᠡᠬᠦ ᠶᠢ ᠵᠣᠬᠢᠴᠠᠭᠤᠯᠤᠨ ᠠᠬᠢᠭᠤᠯᠵᠤ᠂ ᠡᠨᠡ ᠵᠢᠯ ᠬᠦᠨᠳᠦ ᠡᠪᠡᠳᠴᠢᠨ ᠤ ᠳᠠᠭᠠᠳᠬᠠᠯ ᠤᠨ ᠪᠥᠬᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠶ᠃ ᠲᠡᠷᠡ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠣᠷᠣᠭᠤᠯᠤᠯᠲᠠ ᠪᠠᠨ ᠨᠡᠮᠡᠭᠳᠡᠭᠦᠯᠦᠨ᠂ ︽ᠨᠡᠩ ᠣᠯᠠᠨ ᠬᠦᠨᠳᠦ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ︾ ᠶᠤᠮ᠃      ᠯᠢ ᠺᠧ ᠴᠢᠶᠠᠩ ᠪᠠᠰᠠ ᠬᠡᠯᠡᠭᠰᠡᠨ ᠨᠢ᠂ ᠵᠠᠰᠠᠭ ᠤᠨ ᠣᠷᠳᠣᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠢ ᠡᠮᠬᠢᠯᠡᠨ ᠨᠡᠶᠢᠯᠡᠭᠦᠯᠵᠦ᠂ ᠡᠳ᠋ ᠤᠨ ᠵᠠᠰᠠᠭ ᠤᠨ ᠨᠥᠬᠦᠪᠥᠷᠢ ᠶᠢ ᠬᠥᠮᠦᠨ ᠳᠤᠮᠳᠠᠴᠢ ᠪᠠᠷ ᠵᠢᠯ ᠪᠦᠷᠢ 380 ᠲᠥᠭᠦᠷᠢᠭ ᠠᠴᠠ 420 ᠲᠥᠭᠦᠷᠢᠭ ᠪᠣᠯᠭᠠᠨ ᠳᠡᠭᠡᠭᠰᠢᠯᠡᠭᠦᠯᠬᠦ ᠪᠣᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠠᠴᠠ ᠡᠮᠨᠡᠯᠭᠡ ᠶᠢᠨ ᠳᠠᠭᠠᠳᠬᠠᠯ ᠤᠨ ᠵᠠᠷᠤᠳᠠᠯ ᠥᠭᠬᠦ ᠠᠷᠭ᠎ᠠ ᠮᠠᠶ᠋ᠢᠭ ᠢ  ᠥᠭᠡᠷᠡᠴᠢᠯᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠬᠦ ᠤᠯᠤᠰ ᠤᠨ ᠮᠡᠳᠡᠭᠡ ᠵᠠᠩᠭᠢ ᠶᠢᠨ ᠰᠦᠯᠵᠢᠶ᠎ᠡ ᠪᠠ ᠣᠨᠳᠣᠣ ᠭᠠᠵᠠᠷ ᠡᠮᠨᠡᠭᠦᠯᠦᠭᠰᠡᠨ ᠢ ᠳ᠋ᠦᠩᠨᠡᠨ ᠪᠤᠳᠤᠬᠤ ᠶᠢ ᠲᠦᠷᠭᠡᠳᠬᠡᠨ ᠠᠬᠢᠭᠤᠯᠤᠨ᠎ᠠ᠃      ᠳᠤᠮᠳᠠᠳᠤ ᠤᠯᠤᠰ 2009 ᠣᠨ ᠠᠴᠠ ᠡᠮ ᠡᠮᠨᠡᠯᠭᠡ ᠶᠢᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ ᠡᠮ ᠡᠮᠨᠡᠯᠭᠡ ᠶᠢᠨ ᠰᠢᠰᠲ᠋ᠧᠮ ᠤᠨ ᠣᠳᠣᠬᠢᠴᠢᠯᠠᠬᠤ ᠶᠢ ᠪᠡᠶᠡᠯᠡᠭᠦᠯᠬᠦ᠂ ᠡᠪᠡᠳᠴᠢᠲᠡᠨ ᠤ ᠲᠤᠭ᠎ᠠ ᠬᠡᠮᠵᠢᠶ᠎ᠡ ᠪᠣᠯᠤᠨ ᠡᠮᠨᠡᠯᠭᠡ ᠶᠢᠨ ᠠᠵᠢᠯᠲᠠᠳ ᠤᠨ ᠴᠠᠯᠢᠩ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃      【ᠰᠢᠩᠭᠠᠫᠣᠷ ᠤᠨ ︽ᠥᠷᠯᠥᠭᠡ ᠶᠢᠨ ᠬᠠᠮᠲᠤᠷᠠᠭᠰᠠᠨ ᠰᠣᠨᠢᠨ︾᠎ ᠤ ᠰᠦᠯᠵᠢᠶᠡᠨ ᠤ 3 ᠳ᠋ᠤᠭᠠᠷ ᠰᠠᠷ᠎ᠠ ᠶᠢᠨ 5᠎ ᠤ ᠡᠳᠦᠷ ᠤᠨ ᠮᠡᠳᠡᠭᠡᠯᠡᠯ】ᠡᠨᠡ ᠵᠢᠯ ᠪᠣᠯ ᠳᠤᠮᠳᠠᠳᠤ ᠤᠯᠤᠰ ᠤᠨ ︽13᠂ 5︾᠎ ᠶᠢᠨ ᠡᠬᠢᠯᠡᠯᠲᠡ ᠶᠢᠨ ᠵᠢᠯ ᠮᠥᠨ᠂ ᠲᠥᠯᠥᠪᠵᠢᠭᠦᠯᠭᠡ ᠳᠤ ᠳᠤᠮᠳᠠᠳᠤ ᠤᠯᠤᠰ 2020 ᠣᠨ ᠳᠤ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠬᠤ ᠶᠢ  ᠲᠣᠳᠣᠷᠬᠠᠶᠢᠯᠠᠪᠠ᠃ ᠲᠥᠪ ᠤᠨ ᠵᠠᠰᠠᠭ ᠤᠨ ᠣᠷᠳᠣᠨ ᠡᠨᠡ ᠵᠢᠯ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠢᠳᠤᠨᠤᠨ ᠤ ᠬᠢ ᠠᠴᠠ 43.4%᠎ ᠪᠠᠷ ᠨᠡᠮᠡᠭᠳᠡᠭᠦᠯᠪᠡ᠃      ᠳᠤᠮᠳᠠᠳᠤ ᠤᠯᠤᠰ 2020 ᠣᠨ ᠳᠤ ᠲᠠᠷᠢᠶᠠᠯᠠᠩ ᠠᠴᠠ ᠰᠢᠯᠵᠢᠭᠰᠡᠨ ᠳ᠋ᠦᠩᠰᠢᠭᠤᠷ ᠣᠷᠴᠢᠮ ᠬᠥᠮᠦᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠨ ᠳᠤ ᠨᠡᠭᠦᠵᠦ ᠣᠴᠢᠭᠠᠳ ᠡᠷᠦᠭᠡ ᠠᠮᠠ ᠪᠠᠨ   ᠣᠷᠣᠭᠤᠯᠬᠤ᠂ ᠪᠠᠷᠤᠭ 1 ᠳ᠋ᠦᠩᠰᠢᠭᠤᠷ ᠬᠥᠮᠦᠨ ᠰᠠᠭᠤᠵᠤ ᠪᠠᠶᠢᠭ᠎ᠠ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠪᠠ ᠬᠤᠲᠠᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ ᠪᠤᠢ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠡᠮᠡᠭᠳᠡᠭᠦᠯᠵᠦ᠂ ᠳᠡᠭᠡᠳᠦ ᠬᠤᠷᠳᠤᠴᠠᠲᠤ ᠲᠡᠮᠦᠷ ᠵᠠᠮ ᠤᠨ ᠡᠵᠡᠩᠨᠡᠵᠦ ᠪᠦ᠋ᠬᠦᠢ ᠵᠠᠮ ᠤᠨ ᠤᠷᠲᠤ ᠶᠢ 3 ᠲᠦᠮᠡᠨ ᠺᠢᠯᠣᠮᠧᠲᠷ ᠲᠤ ᠬᠦᠷᠭᠡᠵᠦ᠂ ᠠᠷᠪᠠᠨ ᠤ ᠨᠠᠢᠮᠠᠨ ᠬᠤᠪᠢ ᠢᠯᠡᠭᠦᠦ ᠶᠢᠨ ᠶᠡᠭᠡ ᠬᠤᠲᠠᠳ ᠢ ᠪᠦᠷᠬᠦᠭᠦᠯᠦᠨ᠎ᠡ᠃      ᠳᠤᠮᠳᠠᠳᠤ ᠤᠯᠤᠰ ᠤᠨ ᠶᠡᠷᠦᠩᠬᠡᠶ ᠰᠠᠶᠢᠳ ᠯᠢ ᠺᠧ ᠴᠢᠶᠠᠩ 5᠎ ᠤ ᠡᠳᠦᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠡᠭᠡᠨ᠂ ᠬᠤᠶᠢᠰᠢᠳᠠ ᠶᠢᠨ ᠲᠠᠪᠤᠨ ᠵᠢᠯ ᠳᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠡᠨᠧᠷᠭᠢ ᠶᠢᠨ ᠬᠤᠷᠣᠭᠳᠠᠭᠤᠯᠤᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠲᠤᠰ ᠲᠤᠰ 23 %᠎ ᠂ 15 %᠂ 18 %᠎ ᠪᠠᠷ ᠪᠠᠭᠤᠷᠠᠵᠤ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ ᠨᠢ 23.04 %᠎ ᠳᠤ ᠬᠦᠷᠴᠦ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠪᠡ᠃ ᠠᠭᠠᠷ ᠮᠠᠨᠳᠠᠯ ᠤᠨ ᠪᠣᠬᠢᠷ ᠮᠠᠨᠠᠨ ᠢ ᠵᠠᠰᠠᠬᠤ ᠲᠠᠯ᠎ᠠ ᠪᠠᠷ᠂ ᠣᠷᠣᠨ ᠤ ᠲᠡᠰ ᠤᠨ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠠᠭᠠᠷ ᠤᠨ ᠴᠡᠯᠮᠡᠭ ᠡᠳᠦᠷ ᠤᠨ ᠲᠣᠭᠠᠨ ᠤ ᠬᠠᠷᠢᠴᠠᠯ ᠢ 80 %᠎ ᠶᠢ ᠳᠠᠪᠠᠭᠤᠯᠤᠨ᠎ᠠ᠂ ᠥᠭᠡᠷ᠎ᠡ ᠪᠠᠷ ᠬᠡᠯᠡᠪᠡᠯ᠂ ᠵᠢᠯ ᠪᠦᠷᠢ ᠪᠣᠬᠢᠷ ᠮᠠᠨᠠᠨ ᠲᠠᠢ ᠡᠳᠦᠷ ᠶᠢ 73 ᠳᠠᠪᠠᠵᠤ ᠪᠣᠯᠬᠤ ᠦᠭᠡᠢ᠃      【ᠣᠷᠣᠰ ᠤᠨ ᠰᠣᠨᠢᠨ ᠮᠡᠳᠡᠭᠡᠨ ᠤ ᠬᠤᠷᠢᠶ᠎ᠠ ᠶᠢᠨ ᠪᠡᠭᠡᠵᠢᠩ ᠤᠨ 3 ᠳ᠋ᠤᠭᠠᠷ ᠰᠠᠷ᠎ᠠ ᠶᠢᠨ 5᠎ ᠤ ᠡᠳᠦᠷ ᠤᠨ ᠴᠠᠬᠢᠯᠭᠠᠨ ᠮᠡᠳᠡᠭᠡ 】 ᠳᠤᠮᠳᠠᠳᠤ ᠤᠯᠤᠰ ᠤᠨ ᠵᠠᠰᠠᠭ ᠤᠨ ᠣᠷᠳᠣᠨ ︽13᠂ 5︾᠎ ᠶᠢᠨ ᠬᠤᠭᠤᠴᠠᠭᠠᠨ ᠳᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠬᠤ ᠪᠠ ᠬᠥᠳᠡᠭᠡ ᠠᠵᠤ ᠠᠬᠤᠶ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ 2020 ᠣᠨ ᠪᠣᠯᠬᠤ ᠳᠤ᠂ ᠲᠠᠷᠢᠶᠠᠯᠠᠩ ᠠᠴᠠ ᠰᠢᠯᠵᠢᠭᠰᠡᠨ ᠳ᠋ᠦᠩᠰᠢᠭᠤᠷ ᠣᠷᠴᠢᠮ ᠬᠥᠮᠦᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠨ ᠳᠤ ᠨᠡᠭᠦᠵᠦ ᠣᠴᠢᠭᠠᠳ ᠡᠷᠦᠭᠡ ᠠᠮᠠ ᠪᠠᠨ ᠣᠷᠣᠭᠤᠯᠤᠭᠰᠠᠨ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠳᠠ ᠪᠠᠯᠭᠠᠰᠤᠵᠢᠯᠳᠡ ᠶᠢᠨ ᠨᠤᠷᠮ᠎ᠠ ᠶᠢ 60 %᠎ ᠳᠤ ᠬᠦᠷᠦᠭᠦᠯᠦᠨ᠎ᠡ᠃ ᠡᠭᠦᠨ ᠤ ᠬᠠᠮᠲᠤ ᠨᠢᠭᠡ ᠪᠦᠯᠦᠭ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠬᠤᠲᠠ ᠶᠢᠨ ᠪᠥᠭᠡᠮᠨᠡᠷᠡᠯ ᠢ ᠪᠤᠶᠢᠵᠢᠭᠤᠯᠵᠤ ᠪᠠ ᠨᠡᠮᠡᠭᠳᠡᠯ ᠤᠨ ᠲᠦᠢᠯ ᠢ ᠪᠤᠢ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号