| | | | | | | | ︽ᠤᠯᠠᠨ ᠤ ᠬᠡᠯᠡᠬᠦ ᠪᠠᠷ᠂ ᠹᠦᠵᠢᠶᠠᠨ ᠪᠣᠯ ︿ᠪᠤᠶᠠᠨ﹀ ᠲᠠᠢ ᠭᠠᠵᠠᠷ ᠭᠡᠮᠡᠨ᠂ ︿ᠪᠤᠶᠠᠨ﹀ ᠢ ᠲᠦᠷᠦᠭᠦᠨ | ᠳᠤᠨᠢ ᠲᠠᠯᠪᠢᠵᠠᠢ᠂ ᠭᠡᠲᠡᠯ᠎ᠡ ᠮᠢᠨᠦ ᠦᠵᠡᠬᠦ ᠪᠠᠷ᠂ ︿ᠪᠤᠶᠠᠨ﹀ ᠪᠣᠯ ︿ᠪᠠᠶᠢᠭᠤᠯᠬᠤ﹀ ᠠᠴᠠ ᠢᠷᠡᠵᠡᠢ᠂ ︿ | ᠪᠠᠶᠢᠭᠤᠯᠬᠤ﹀ ᠦᠭᠡᠢ ᠪᠣᠯ ︿ᠪᠤᠶᠠᠨ﹀ ᠭᠡᠵᠦ ᠪᠠᠶᠢᠬᠤ ᠦᠭᠡᠢ᠃︾ 3 ᠳ᠋ᠤᠭᠠᠷ ᠰᠠᠷ᠎ᠠ ᠶᠢᠨ 7 ᠤ ᠡᠳᠦᠷ ᠤᠨ | ᠦᠳᠡ ᠶᠢᠨ ᠡᠮᠦᠨ᠎ᠡ᠂ ᠯᠢ ᠺᠧ ᠴᠢᠶᠠᠩ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠹᠦᠵᠢᠶᠠᠨ ᠤ ᠲᠥᠯᠥᠭᠡᠯᠡᠭᠴᠢᠳ ᠤᠨ | ᠪᠦᠯᠬᠦᠮ ᠤᠨ ᠪᠥᠬᠦᠳᠡ ᠬᠤᠷᠠᠯ ᠳᠤ ᠣᠷᠣᠯᠴᠠᠬᠤ ᠳᠠᠭᠠᠨ ︽ᠹᠦᠵᠢᠶᠠᠨ︾ ᠭᠡᠰᠡᠨ ᠦᠭᠡ ᠶᠢ ᠬᠠᠪᠤᠯᠢᠭ ᠰᠠᠶᠢᠬᠠᠨ | ᠲᠠᠶᠢᠯᠪᠤᠷᠢᠯᠠᠪᠠ᠃ | ︽ᠪᠢ ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠳᠡᠭᠡᠨ᠂ ᠳᠤᠮᠳᠠᠳᠤ ᠤᠯᠤᠰ ᠤᠨ | ᠥᠭᠡᠷᠡᠴᠢᠯᠡᠯᠲᠡ ᠨᠡᠭᠡᠭᠡᠯᠲᠡ ᠬᠢᠭᠰᠡᠨ 30 ᠭᠠᠷᠤᠶ ᠵᠢᠯ ᠤᠨ ᠲᠤᠷᠰᠢ ᠣᠯᠤᠭᠰᠠᠨ ᠬᠢᠯᠠᠯᠵᠠᠮ᠎ᠠ ᠠᠮᠵᠢᠯᠲᠠ ᠶᠢ ᠪᠣᠯ | ᠥᠷᠭᠡᠨ ᠤᠯᠠᠨ ᠺᠠᠳ᠋ᠷ ᠤᠯᠠᠨ ᠲᠦᠮᠡᠨ ᠪᠦᠲᠦᠭᠡᠭᠰᠡᠨ ᠶᠤᠮ᠃ ᠹᠦᠵᠢᠶᠠᠨ ᠤ ︿ᠹᠦ᠋﹀ ᠭᠡᠬᠦ ᠦᠭᠡ ᠶᠢ ᠴᠦ ᠮᠦᠨ | ᠹᠦᠵᠢᠶᠠᠨ ᠮᠤᠵᠢ ᠶᠢᠨ ᠥᠷᠭᠡᠨ ᠤᠯᠠᠨ ᠺᠠᠳ᠋ᠷ ᠤᠯᠠᠨ ᠲᠦᠮᠡᠨ ︿ᠪᠠᠶᠢᠭᠤᠯᠤᠠ﹀ ᠪᠦᠲᠦᠭᠡᠵᠡᠢ︕︾ ᠭᠡᠵᠦ | ᠶᠡᠷᠦᠩᠬᠡᠶ ᠰᠠᠶᠢᠳ ᠬᠡᠯᠡᠪᠡ᠃ | ᠹᠦᠵᠢᠶᠠᠨ ᠢ ᠬᠦᠰᠡᠬᠦ ᠨᠢ ︽ᠪᠠᠶᠢᠭᠤᠯᠬᠤ︾ ᠭᠡᠬᠦ ᠦᠭᠡ ᠪᠠᠷ ᠵᠠᠮ ᠨᠡᠬᠡᠭᠡᠷᠡᠢ | ︽ᠦᠩᠭᠡᠷᠡᠭᠰᠡᠨ ᠵᠢᠯ ᠮᠠᠨ ᠤ ᠤᠯᠤᠰ ᠤᠨ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠬᠡᠯ ᠲᠣᠭᠠᠨ ᠳᠤ᠂ | ᠴᠤᠷ ᠤᠨ ᠭᠠᠭᠴᠠ ᠪᠡᠶᠡᠯᠡᠭᠦᠯᠵᠦ ᠴᠢᠳᠠᠭᠰᠠᠨ ᠦᠭᠡᠢ ᠨᠢ ᠭᠠᠳᠠᠭᠠᠳᠤ ᠣᠷᠤᠭᠤᠯᠤᠯᠲᠠ ᠪᠠ ᠭᠠᠷᠭᠠᠯᠲᠠ ᠶᠢᠨ | ᠶᠡᠷᠦᠩᠬᠡᠢ ᠲᠤᠭ᠎ᠠ ᠪᠣᠯᠤᠨ᠎ᠠ᠃ ᠹᠦᠵᠢᠶᠠᠨ ᠤ ᠦᠩᠭᠡᠷᠡᠭᠰᠡᠨ ᠵᠢᠯ ᠤᠨ ᠭᠠᠳᠠᠭᠠᠳᠤ ᠣᠷᠤᠭᠤᠯᠤᠯᠲᠠ ᠪᠠ ᠭᠠᠷᠭᠠᠯᠲᠠ | ᠬᠢᠷᠢ ᠵᠡᠷᠭᠡ ᠪᠤᠶ︖︾ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠹᠦᠵᠢᠶᠠᠨ ᠮᠤᠵᠢ ᠶᠢᠨ ᠮᠤᠵᠢ ᠶᠢᠨ | ᠳᠠᠷᠤᠭ᠎ᠠ ᠢᠤᠢ ᠸᠧᠢ ᠭᠦᠸᠧ ᠶᠢᠨ ᠶᠠᠷᠢᠶ᠎ᠠ ᠶᠢ ᠯᠢ ᠺᠧ ᠴᠢᠶᠠᠩ ᠲᠣᠰᠴᠤ ᠠᠰᠠᠭᠤᠪᠠ᠃ | ᠢᠤᠢ ᠸᠧᠢ ᠭᠦᠸᠧ᠄ ︽ᠮᠠᠨ ᠤ 2015 ᠣᠨ ᠤ ᠭᠠᠳᠠᠭᠠᠳᠤ ᠭᠠᠷᠭᠠᠯᠲᠠ 0.7% ᠨᠡᠮᠡᠭᠳᠡᠵᠦ᠂ 2016 | ᠣᠨ ᠤ 1 ᠳ᠋ᠦ᠋ᠭᠡᠷ ᠰᠠᠷ᠎ᠠ ᠶᠢᠨ ᠭᠠᠳᠠᠭᠠᠳᠤ ᠭᠠᠷᠭᠠᠯᠲᠠ 1.7% ᠪᠠᠷ ᠨᠡᠮᠡᠭᠳᠡᠪᠡ︾ ᠭᠡᠯᠡ᠃ | ︽ᠲᠡᠶᠢᠮᠦ ᠬᠢᠯᠪᠠᠷ ᠪᠢᠰᠢ︕︾ ᠭᠡᠵᠦ ᠯᠢ ᠺᠧ ᠴᠢᠶᠠᠩ ᠲᠤᠰᠴᠤ ᠠᠪᠤᠭᠠᠳ ᠪᠦᠬᠦ ᠪᠥᠮᠪᠥᠷᠴᠡᠭ ᠤᠨ | ᠠᠷᠠᠯᠵᠢᠶ᠎ᠠ ᠮᠠᠭᠤᠲᠠᠨ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠳᠠᠭᠠᠷᠢᠯᠲᠠ ᠳᠤ ᠤᠴᠠᠷᠠᠭᠰᠠᠨ ᠪᠠᠶᠢᠳᠠᠯ | ᠳᠣᠣᠷ᠎ᠠ᠂ ᠹᠦᠵᠢᠶᠠᠨ ᠮᠥᠨ ᠯᠡ ᠳᠡᠭᠡᠭᠰᠢᠯᠡᠬᠦ ᠬᠠᠨᠳᠤᠰᠢ ᠪᠠᠨ ᠪᠠᠷᠢᠮᠳᠠᠯᠠᠵᠠᠢ᠂ ᠡᠨᠡᠬᠦ ᠬᠢᠷᠢ ᠪᠦᠲᠦᠮᠵᠢ ᠪᠣᠯ ︽ | ᠣᠯᠳᠠᠰᠢ ᠤᠢᠭᠡᠢ ᠬᠤᠪᠣᠷ ᠨᠠᠨᠳᠢᠨ ᠶᠤᠮ︾ ᠭᠡᠪᠡ᠃ | ︽ᠮᠢᠨᠦ ᠣᠯᠵᠤ ᠦᠵᠡᠭᠰᠡᠨ ᠨᠢ᠂ ᠡᠨᠡ ᠵᠢᠯ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠳᠤᠷᠠᠳᠤᠭᠰᠠᠨ GDP ᠶᠢᠨ ᠨᠡᠮᠡᠭᠳᠡᠯ ᠤᠨ ᠬᠤᠷᠳᠤᠴᠠ ᠶᠢᠨ ᠬᠠᠷᠠᠯᠲᠠ ᠪᠣᠯ 8.5% ᠪᠠᠶᠢᠵᠤ᠂ ᠪᠦᠬᠦ | ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠬᠤᠶᠠᠷ ᠵᠠᠭᠤᠨ ᠤ ᠴᠡᠭ ᠳᠡᠭᠡᠭᠦᠷ ᠪᠠᠶᠢᠨ᠎ᠠ︾ ᠭᠡᠵᠦ ᠯᠢ | ᠺᠧ ᠴᠢᠶᠠᠩ ᠬᠡᠯᠡᠭᠡᠳGDP ᠶᠢ ᠥᠷᠥᠭᠡᠰᠦᠭᠡᠯ ᠢᠶᠠᠷ ᠬᠥᠭᠡᠭᠡᠴᠡᠯᠳᠦᠵᠦ ᠪᠣᠯᠬᠤ ᠦᠭᠡᠢ᠂ ᠭᠡᠪᠡᠴᠦ GDP ᠶᠢ | ᠪᠠᠰᠠ ᠠᠪᠬᠤ ᠦᠭᠡᠢ ᠪᠠᠶᠢᠵᠤ ᠪᠣᠯᠬᠤ ᠦᠭᠡᠢ᠃ ᠤᠴᠢᠷ ᠨᠢ ᠡᠨᠡ ᠪᠣᠯ ᠶᠠᠭᠠᠬᠢᠯ᠎ᠠ ᠴᠤ ᠭᠡᠰᠡᠨ ᠶᠡᠷᠦᠩᠬᠡᠶ | ᠭᠦᠢᠴᠡᠳᠭᠡᠯ ᠲᠤᠭ᠎ᠠ ᠪᠣᠯᠤᠨ᠎ᠠ᠂ ᠪᠡᠯᠡ ᠣᠷᠤᠭᠤᠯᠤᠯᠲᠠ᠂ ᠬᠡᠷᠡᠭᠯᠡᠭᠡ᠂ ᠴᠡᠪᠡᠷ ᠭᠠᠳᠠᠭᠠᠳᠤ ᠭᠠᠷᠭᠠᠯᠲᠠ ᠶᠢ ᠲᠤᠰᠬᠠᠨ | ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢ ᠲᠤᠰᠬᠠᠬᠤ ᠮᠦᠷᠲᠡᠭᠡᠨ ᠠᠵᠤ ᠠᠬᠤᠶ ᠶᠢᠨ ᠶᠠᠰᠤ | ᠴᠢᠨᠠᠷ ᠪᠠ ᠦᠷ᠎ᠡ ᠠᠰᠢᠭ ᠢ ᠴᠦ ᠲᠤᠰᠬᠠᠵᠤ ᠪᠠᠶᠢᠨ᠎ᠠ᠃ ᠹᠦᠵᠢᠶᠠᠨ ᠤ ᠥᠪᠡᠷ ᠤᠨ ᠪᠡᠶ᠎ᠡ ᠳᠡᠭᠡᠨ ᠳᠠᠷᠤᠯᠲᠠ ᠦᠭᠬᠦ | ᠨᠢ ᠦᠪᠡᠷ ᠤᠨ ᠪᠡᠶ᠎ᠡ ᠶᠢᠨ ᠬᠥᠭᠵᠢᠯᠲᠡ ᠪᠠᠨ ᠠᠬᠢᠭᠤᠯᠬᠤ ᠪᠠᠷ ᠪᠠᠷᠠᠬᠤ ᠦᠭᠡᠢ᠂ ᠪᠠᠰᠠ ᠪᠦᠬᠦ ᠤᠯᠤᠰ ᠤᠨ ᠶᠡᠭᠡ | ᠲᠠᠯ᠎ᠠ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ︾ ᠭᠡᠪᠡ᠃ | ︽︿ᠹᠦᠵᠢᠶᠠᠨ﹀ ᠢ ᠬᠦᠰᠡᠬᠦ ᠨᠢ ︿ᠪᠠᠶᠢᠭᠤᠯᠬᠤ﹀ ᠭᠡᠬᠦ ᠦᠭᠡ ᠪᠠᠷ ᠵᠠᠮ ᠨᠡᠬᠡᠬᠡᠵᠦ᠂ ᠮᠠᠨ ᠤ ᠤᠯᠤᠰ ᠤᠨ | ᠲᠠᠯᠠᠢ ᠳᠠᠭᠠᠤ ᠣᠷᠣᠨ ᠳᠤ ᠰᠢᠨ᠎ᠡ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢ ᠪᠣᠯᠭᠠᠶ᠎ᠠ︾ ᠭᠡᠮᠡᠨ ᠯᠢ ᠺᠧ ᠴᠢᠶᠠᠩ | ᠬᠡᠯᠡᠪᠡ᠃ | ︽ᠮᠢᠨ︾ ᠭᠡᠬᠦ ᠦᠭᠡ ᠶᠢᠨ ᠬᠦᠷᠢ ᠡᠭᠦᠷ ᠢᠶᠠᠨ ᠨᠡᠪᠲᠡᠯᠦᠨ ᠡᠷᠪᠡᠬᠡᠶ ᠪᠣᠯᠬᠤ ︽ᠰᠢᠪᠲᠤᠯᠤᠯᠲᠠ ᠶᠢᠨ ᠴᠡᠭ︾ | ᠨᠢ ᠳᠠᠷᠤᠶ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠪᠣᠯᠤᠨ᠎ᠠ | ︽ᠹᠦᠵᠢᠶᠠᠨ ᠮᠤᠵᠢ ᠶᠢ ︿ᠮᠢᠨ﹀ ᠭᠡᠵᠦ ᠲᠣᠪᠴᠢᠯᠠᠨ᠎ᠠ᠃ ᠬᠡᠯᠪᠡᠷᠢ ᠠᠴᠠ ᠨᠢ ᠦᠵᠡᠪᠡᠯ᠂ ᠳᠠᠷᠤᠶ ᠨᠢᠭᠡ | ᠬᠤᠷᠣᠬᠠᠶ ᠶᠢ ᠬᠦᠷᠢᠶᠡᠨ ᠳᠣᠲᠣᠷ᠎ᠠ ᠬᠤᠷᠢᠵᠠᠢ᠃ ᠳᠡᠭᠡᠭᠰᠢ ᠪᠠᠨ ᠰᠢᠪᠲᠤᠯᠤᠨ᠂ ᠬᠦᠷᠢ ᠡᠭᠦᠷ ᠢᠶᠠᠨ ᠨᠡᠪᠲᠡᠯᠦᠨ | ᠡᠷᠪᠡᠬᠡᠶ ᠪᠣᠯᠬᠤ ᠳᠤ᠂ ᠳᠡᠭᠡᠷᠡᠬᠢ ᠲᠡᠷᠡ ᠨᠢᠭᠡᠨ ᠰᠢᠪᠲᠤᠯᠤᠯᠲᠠ ᠶᠢᠨ ︿ᠴᠡᠭ﹀ ᠨᠢ ᠳᠠᠷᠤᠶ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠪᠣᠯᠤᠨ᠎ᠠ᠃︾ ᠭᠡᠮᠡᠨ ᠯᠢ ᠺᠧ ᠴᠢᠶᠠᠩ ᠬᠠᠪᠤᠯᠢᠭ ᠰᠠᠶᠢᠬᠠᠨ | ᠲᠠᠶᠢᠯᠪᠤᠷᠢᠯᠠᠪᠠ᠃ | ᠶᠡᠷᠦᠩᠬᠡᠶ ᠰᠠᠶᠢᠳ ᠬᠡᠯᠡᠭᠰᠡᠨ ᠨᠢ᠂ ᠤᠳᠤ ᠪᠦᠬᠦ ᠤᠯᠤᠰ ᠤᠨ ᠠᠳᠠᠯᠢ ᠪᠤᠰᠤ ᠭᠠᠵᠠᠷ ᠣᠷᠣᠨ᠂ ᠠᠵᠢᠯ | ᠲᠥᠷᠥᠯ ᠠᠵᠤ ᠠᠬᠤᠶ ᠶᠢᠨ ᠬᠠᠨᠳᠤᠰᠢ ᠳᠤ ᠵᠠᠳᠠᠷᠠᠯ ᠭᠠᠷᠴᠤ ᠪᠠᠶᠢᠨ᠎ᠠ᠃ ᠤᠴᠢᠷ ᠨᠢ 30 ᠭᠠᠷᠤᠶ ᠵᠢᠯ ᠤᠨ | ᠲᠤᠷᠰᠢᠬᠢ ᠲᠦᠷᠭᠡᠨ ᠬᠥᠭᠵᠢᠯᠲᠡ ᠪᠠᠷ ᠳᠠᠮᠵᠢᠨ᠂ ᠮᠠᠨ ᠤ ᠤᠯᠤᠰ ᠤᠨ ᠤᠯᠠᠮᠵᠢᠯᠠᠯᠲᠤ ᠬᠦᠳᠡᠯᠭᠡᠭᠴᠢ ᠡᠨᠧᠷᠭᠢ | ᠥᠩᠭᠡᠷᠡᠭᠰᠡᠨ ᠤ ᠰᠢᠭ ︽ᠡᠭᠴᠡ ᠱᠤᠭᠤᠮ︾ ᠢᠶᠠᠷ ᠳᠡᠭᠡᠭᠰᠢᠯᠡᠬᠦ ᠳᠤ ᠪᠡᠷᠬᠡ ᠪᠣᠯᠪᠠ ᠭᠡᠵᠡᠢ᠃ | ︽ᠵᠠᠷᠢᠮ ᠤᠯᠤᠰ ᠣᠷᠣᠨ ᠴᠤ ᠡᠭᠦᠨ ᠤ ᠤᠯᠠᠮ ᠢᠶᠠᠷ ︿ᠳᠤᠮᠳᠠ ᠵᠡᠷᠭᠡ ᠶᠢᠨ ᠣᠷᠣᠯᠭ᠎ᠠ ᠶᠢᠨ ᠤᠨᠠᠭᠤᠯᠢ﹀ | ᠳᠤ ᠤᠨᠠᠵᠤ ᠮᠡᠳᠡᠨ᠎ᠡ᠂ ᠴᠢᠨᠠᠭᠰᠢᠯᠠᠪᠠᠯ ᠠᠵᠤ ᠠᠬᠤᠶ ᠨᠢ ᠮᠠᠭᠤᠲᠠᠨ᠎ᠠ᠃ ᠡᠭᠦᠨ ᠢ ᠳᠠᠪᠠᠵᠤ ᠭᠠᠷᠬᠤ ᠳᠤ᠂ ᠠᠷᠭ᠎ᠠ | ᠦᠭᠡᠢ ᠭᠡᠰᠡᠨ ᠶᠠᠪᠤᠳᠠᠯ ᠪᠢᠰᠢ ᠶᠤᠮ︾ ᠭᠡᠮᠡᠨ ᠯᠢ ᠺᠧ ᠴᠢᠶᠠᠩ ᠶᠠᠷᠢᠪᠠ᠂ ︽ᠬᠠᠮᠢᠶᠠᠷᠤᠯᠲᠠ ᠶᠢᠨ ᠤᠬᠠᠭᠠᠨ᠂ | ᠠᠵᠤ ᠠᠬᠤᠶ ᠶᠢᠨ ᠤᠬᠠᠭᠠᠨ ᠤ ᠳᠣᠲᠣᠷ᠎ᠠ ︿S ᠬᠡᠯᠪᠡᠷᠢᠲᠦ ᠮᠤᠷᠤᠶ ᠱᠤᠭᠤᠮ﹀ ᠤᠨ ᠣᠨᠤᠯᠵᠢᠬᠤᠨ ᠪᠠᠶᠢᠳᠠᠭ᠄ | ᠬᠠᠭᠤᠴᠢᠨ ᠬᠦᠳᠡᠯᠭᠡᠭᠴᠢ ᠡᠨᠧᠷᠭᠢ ᠨᠢ ᠠᠵᠤ ᠠᠬᠤᠶ ᠶᠢᠨ ᠨᠡᠮᠡᠭᠳᠡᠯ ᠳᠤ ᠬᠦᠴᠦ ᠬᠤᠮᠰᠠᠳᠠᠵᠤ ᠦᠶ᠎ᠡ᠂ ᠰᠢᠨ᠎ᠡ | ᠡᠨᠧᠷᠭᠢ ᠪᠤᠢ ᠪᠤᠯᠵᠤ᠂ ᠡᠶᠢᠮᠦᠷᠬᠦ ᠰᠢᠨ᠎ᠡ ᠬᠥᠳᠡᠯᠭᠡᠭᠴᠢ ᠡᠨᠧᠷᠭᠢ ᠨᠢ ᠰᠢᠨ᠎ᠡ ᠬᠥᠭᠵᠢᠯᠲᠡ ᠶᠢ ᠪᠣᠢ ᠪᠣᠯᠭᠠᠵᠤ | ᠴᠢᠳᠠᠨ᠎ᠠ︾ ᠭᠡᠪᠡ᠃ | ᠨᠢᠳᠤᠨᠤᠨ ᠤ 4 ᠳ᠋ᠦ᠋ᠭᠡᠷ ᠰᠠᠷ᠎ᠠ ᠳᠤ᠂ ᠯᠢ ᠺᠧ ᠴᠢᠶᠠᠩ ᠹᠦᠵᠢᠶᠠᠨ ᠤ ᠴᠢᠤᠸᠠᠨᠵᠸᠦ ᠶᠢᠨ ᠨᠢᠭᠡᠨ ᠮᠧᠬᠠᠨᠢᠭ ᠤᠨ | ᠺᠣᠮᠫᠠᠨᠢ ᠳᠤ ᠬᠦᠷᠴᠦ ︽ᠳᠤᠮᠳᠠᠳᠤ ᠤᠯᠤᠰ ᠦᠢᠯᠡᠳᠬᠦ 2025︾ ᠶᠢ ᠪᠠᠶᠢᠴᠠᠭᠠᠪᠠ᠃ 7 ᠤ ᠡᠳᠦᠷ ᠤᠨ | ᠬᠤᠷᠠᠯ ᠳᠤ ᠲᠡᠷᠡ ᠳᠡᠭᠡᠷ᠎ᠡ ᠤᠳᠠᠭᠠᠨ ᠤ ᠪᠠᠶᠢᠴᠠᠭᠠᠯᠲᠠ ᠶᠢ ᠳᠠᠬᠢᠨ ᠳᠤᠷᠠᠳᠴᠤ ᠬᠡᠯᠡᠭᠰᠡᠨ ᠨᠢ᠂ ᠡᠨᠡ ᠺᠤᠮᠫᠠᠨᠢ ᠶᠢᠨ | ᠬᠥᠭᠵᠢᠭᠦᠯᠦᠭᠰᠡᠨ ︽ᠣᠶᠣᠨᠲᠤ ᠦᠢᠯᠡᠳᠬᠦᠢ︾ ᠨᠢ ᠤᠯᠠᠮᠵᠢᠯᠠᠯᠲᠤ ᠬᠥᠳᠡᠯᠭᠡᠭᠴᠢ ᠡᠨᠧᠷᠭᠢ ᠶᠢᠨ ᠥᠭᠡᠷᠡᠴᠢᠯᠡᠯᠲᠡ | ᠪᠣᠯᠬᠤ ᠮᠥᠷᠲᠡᠭᠡᠨ ᠥᠪᠡᠷᠮᠢᠴᠡ ᠪᠠᠷ ᠲᠣᠭᠲᠠᠭᠠᠨ᠂ ᠣᠶᠤᠨᠴᠢ ᠪᠠᠷ ᠦᠢᠯᠡᠳᠬᠦ ᠬᠠᠨᠳᠤᠯᠭ᠎ᠠ ᠳᠤ ᠨᠡᠶᠢᠴᠡᠬᠦ ᠪᠥᠭᠡᠳ | ᠮᠥᠨ ᠴᠦ ︽ᠰᠢᠨ᠎ᠡ ᠬᠥᠳᠡᠯᠭᠡᠭᠴᠢ ᠬᠦᠴᠦᠨ︾ ᠢ ᠪᠣᠶᠢᠵᠢᠭᠤᠯᠵᠤ ᠪᠠᠶᠢᠭ᠎ᠠ ᠶᠠᠪᠤᠳᠠᠯ ᠪᠣᠯᠣᠨ᠎ᠠ ᠭᠡᠵᠡᠢ᠃ | ︽ᠰᠠᠶ᠋ᠢ ᠵᠠᠷᠢᠮ ᠲᠥᠯᠥᠭᠡᠯᠡᠭᠴᠢ ᠶᠠᠷᠢᠶᠠᠨ ᠳᠠᠭᠠᠨ ︿ ᠪᠠᠷᠠᠭ᠎ᠠ ᠬᠤᠯᠪᠣᠭᠠᠨ ᠤ ᠰᠦᠯᠵᠢᠶ᠎ᠡ﹀ ᠶᠢ ᠶᠠᠭ | ᠰᠦᠪᠡᠭᠴᠢᠯᠡᠵᠦ ᠪᠠᠶᠢᠨ᠎ᠠ ᠭᠡᠪᠡ᠂ ᠵᠠᠷᠢᠮ ᠲᠥᠯᠥᠭᠡᠯᠡᠭᠴᠢ ᠪᠠᠰᠠ ᠡᠦ ᠢ ᠱᠠᠨ ᠠᠭᠤᠯᠠᠷᠬᠠᠭ ᠣᠷᠣᠨ ᠤᠤᠯ ᠤᠨ | ᠪᠣᠬᠢᠷᠲᠤᠭᠤᠯᠤᠯ ᠶᠡᠬᠡᠲᠡᠶ ᠠᠵᠢᠯ ᠲᠦᠷᠦᠯ ᠢ ᠲᠠᠷᠢᠶᠠᠯᠠᠩ ᠤᠨ ᠪᠦᠲᠦᠭᠡᠭᠳᠡᠬᠦᠨ᠂ ᠰᠡᠯᠡᠭᠦᠴᠡᠯ ᠵᠢᠭᠤᠯᠴᠢᠯᠠᠯ ᠵᠡᠷᠭᠡ | ᠪᠣᠬᠢᠷᠲᠤᠯ ᠦᠭᠡᠢ ᠠᠵᠤ ᠦᠢᠯᠡᠰ ᠪᠣᠯᠭᠠᠨ ᠳᠡᠰ ᠳᠡᠪᠰᠢᠭᠦᠯᠦᠭᠰᠡᠨ ᠢ ᠲᠠᠨᠢᠯᠴᠠᠭᠤᠯᠪᠠ᠂ ᠡᠳᠡᠭᠡᠷ ᠪᠣᠯ ᠴᠥᠮ ᠮᠢᠨᠦ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠶᠠᠷᠢᠭᠰᠠᠨ ︿ᠰᠢᠨ᠎ᠡ ᠠᠵᠤ ᠠᠬᠤᠶ﹀ ᠪᠣᠯᠣᠨ᠎ᠠ︾ ᠭᠡᠵᠡᠢ᠃ | ᠯᠢ ᠺᠧ ᠴᠢᠶᠠᠩ ᠬᠡᠯᠡᠭᠰᠡᠨ ᠨᠢ᠂ ︽ᠰᠢᠨ᠎ᠡ ᠠᠵᠤ ᠠᠬᠤᠶ ᠳᠤ ᠬᠤᠶᠠᠷ ᠶᠡᠭᠡ ᠬᠦᠴᠦᠨ ᠠᠭᠤᠯᠤᠭᠳᠠᠵᠤ ᠪᠠᠶᠢᠳᠠᠭ᠂ | ᠨᠢᠭᠡ ᠨᠢ ︿ᠢᠨᠲ᠋ᠤᠷ ᠰᠦᠯᠵᠢᠶ᠎ᠡ +﹀᠂ ︿ᠬᠤᠣᠰ ᠴᠣᠭᠴᠠᠯᠠᠯᠲᠠ﹀ ᠵᠡᠷᠭᠡ ᠶᠢ ᠠᠰᠢᠭᠯᠠᠨ ᠰᠢᠨ᠎ᠡ ᠬᠥᠳᠡᠯᠭᠡᠭᠴᠢ | ᠡᠨᠧᠷᠭᠢ ᠶᠢ ᠪᠣᠶᠢᠵᠢᠭᠤᠯᠤᠨ᠎ᠠ᠂ ᠨᠥᠭᠦᠭᠡ ᠨᠢ ᠤᠯᠠᠮᠵᠢᠯᠠᠯᠲᠤ ᠬᠥᠳᠡᠯᠭᠡᠭᠴᠢ ᠡᠨᠧᠷᠭᠢ ᠶᠢ ᠥᠭᠡᠷᠡᠴᠢᠯᠡᠨ ᠲᠡᠰ | ᠳᠡᠪᠰᠢᠭᠦᠯᠬᠦ ᠪᠣᠯᠣᠨ᠎ᠠ︾ ᠭᠡᠵᠡᠢ᠃ | ᠲᠡᠷᠡ ᠴᠢᠨᠠᠭᠰᠢᠳᠠ ᠲᠠᠶᠢᠯᠪᠤᠷᠢᠯᠠᠭᠰᠠᠨ ᠨᠢ᠂ ᠣᠳᠣᠬᠠᠨ ᠳᠤ ᠡᠯ᠎ᠡ ᠣᠷᠣᠨ ᠪᠦᠰᠡ ᠶᠢᠨ ᠠᠵᠢᠯ ᠲᠦᠷᠦᠯ ᠤᠨ | ᠵᠠᠳᠠᠷᠠᠯ ᠦᠨᠡᠨ ᠬᠡᠦ ᠬᠦᠨᠳᠦ ᠨᠣᠴᠢᠲᠠᠶ ᠪᠠᠶᠢᠨ᠎ᠠ᠂ ᠭᠡᠪᠡᠴᠦ ᠡᠭᠦᠨ ᠤ ᠳᠣᠲᠣᠷ᠎ᠠ ᠪᠠᠰᠠ ᠡᠷᠡᠮᠡᠯᠵᠡᠯ ᠪᠠ ᠠᠵᠠ | ᠲᠣᠬᠢᠶᠠᠯ ᠬᠠᠳᠠᠭᠠᠯᠠᠭᠳᠠᠵᠤ ᠪᠤᠢ᠃ ︽ᠶᠠᠭᠠᠬᠢᠭᠠᠳ ᠵᠠᠷᠢᠮ ᠣᠷᠣᠨ ᠪᠦᠰᠡ ᠨᠢ ᠪᠣᠯᠬᠤ ᠦᠭᠡᠢ᠂ ᠵᠠᠷᠢᠮ ᠣᠷᠣᠨ | ᠪᠦᠰᠡ ᠨᠢ ᠥᠷᠨᠢᠨ ᠬᠥᠭᠵᠢᠵᠦ ᠪᠠᠶᠢᠬᠤ ᠪᠤᠶ︖ ᠶᠠᠭᠠᠬᠢᠭᠠᠳ ᠵᠠᠷᠢᠮ ᠠᠵᠢᠯ ᠲᠦᠷᠦᠯ ᠨᠢ ᠬᠦᠴᠢᠷᠳᠡᠯ ᠳᠤ | ᠲᠤᠯᠭᠠᠷᠠᠵᠤ᠂ ᠵᠠᠷᠢᠮ ᠠᠵᠢᠯ ᠲᠦᠷᠦᠯ ᠨᠢ ᠠᠵᠠ ᠲᠣᠬᠢᠶᠠᠯ ᠲᠡᠭᠦᠯᠳᠡᠷ ᠪᠠᠶᠢᠬᠤ ᠪᠣᠢ︖︾ ᠯᠢ ᠺᠧ ᠴᠢᠶᠠᠩ | ᠬᠡᠯᠡᠭᠰᠡᠨ ᠨᠢ᠂ ︽ᠹᠦᠵᠢᠶᠠᠨ ᠤ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ᠂ ᠤᠯᠠᠮᠵᠢᠯᠠᠯᠲᠤ ᠬᠥᠳᠡᠯᠭᠡᠭᠴᠢ | ᠡᠨᠧᠷᠭᠢ ᠶᠢᠨ ᠥᠭᠡᠷᠡᠴᠢᠯᠡᠯᠲᠡ ᠨᠢ ᠨᠢᠭᠡᠨᠲᠡ ᠵᠣᠬᠢᠬᠤ ᠪᠠᠶᠢᠳᠠᠯ ᠢ ᠪᠤᠢ ᠪᠣᠯᠭᠠᠵᠠᠢ᠂ ᠲᠠ ᠨᠠᠷ ᠰᠢᠨ᠎ᠡ ᠬᠠᠭᠤᠴᠢᠨ | ᠬᠥᠳᠡᠯᠭᠡᠭᠴᠢ ᠡᠨᠧᠷᠭᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ︿ᠡᠷᠪᠡᠬᠡᠶ﹀ ᠪᠣᠯᠬᠤ ᠶᠢ ᠬᠦᠰᠡᠵᠦ ᠪᠠᠶᠢᠨ᠎ᠠ︕ | ︾ ᠭᠡᠵᠡᠢ᠃ | ᠠᠵᠤ ᠠᠬᠤᠶ ᠶᠢ ᠬᠥᠭᠵᠢᠭᠦᠯᠬᠦ᠂ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠶᠢᠨ ᠵᠠᠩᠭᠢᠯᠠᠭ᠎ᠠ ᠨᠢ | ᠥᠭᠡᠷᠡᠴᠢᠯᠡᠯᠲᠡ ᠨᠡᠭᠡᠭᠡᠯᠲᠡ ᠳᠤ ᠣᠷᠣᠰᠢᠨ᠎ᠠ | ︽ᠪᠢ ᠨᠢᠳᠤᠨᠤᠨ ᠹᠦᠵᠢᠶᠠᠨ ᠳᠤ ᠪᠠᠶᠢᠴᠠᠭᠠᠯᠲᠠ ᠬᠢᠬᠦ ᠳᠡᠭᠡᠨ ᠲᠤᠰᠬᠠᠶᠢᠯᠠᠨ ᠶᠠᠨ ᠹᠦ᠋ ᠶᠢᠨ ᠬᠠᠭᠤᠴᠢᠨ | ᠰᠠᠭᠤᠴᠠ ᠳᠤ ᠬᠦᠷᠴᠡᠶ᠃ ᠶᠠᠨ ᠹᠦ᠋ ︽ᠬᠤᠪᠢᠰᠤᠯ ᠤᠨ ᠣᠨᠣᠯ︾᠂ ︽ᠠᠵᠤ ᠠᠬᠤᠶ ᠶᠢᠨ ᠰᠢᠨᠵᠢᠯᠡᠯᠲᠡ︾ ᠵᠡᠷᠭᠡ | ᠵᠣᠬᠢᠶᠠᠯ ᠪᠦᠲᠦᠭᠡᠯ ᠢ ᠣᠷᠴᠢᠭᠤᠯᠵᠤ᠂ ᠳᠤᠮᠳᠠᠳᠤ ᠤᠯᠤᠰ ᠲᠤ ᠰᠢᠨ᠎ᠡ ᠨᠢᠭᠡᠨ ︿ᠬᠠᠷᠠᠭ᠎ᠠ ᠲᠡᠨᠡᠶᠢᠯᠭᠡᠨ ᠳᠡᠯᠡᠬᠡᠶ ᠶᠢ | ᠪᠠᠷᠠᠯᠠᠬᠤ﹀ ᠴᠣᠩᠬᠤ ᠶᠢ ᠨᠡᠭᠡᠭᠡᠵᠦ ᠥᠭᠴᠡᠢ᠃︾ ᠭᠡᠵᠦ ᠯᠢ ᠺᠧ ᠴᠢᠶᠠᠩ ᠬᠡᠯᠡᠪᠡ᠃ | ᠲᠤᠰ ᠡᠳᠦᠷ ᠤᠨ ᠬᠤᠷᠠᠯ ᠨᠢ ᠠᠷᠠᠳ ᠤᠨ ᠶᠡᠭᠡ ᠬᠤᠷᠠᠯ ᠤᠨ ᠲᠠᠩᠬᠢᠮ ᠤᠨ ᠹᠦᠵᠢᠶᠠᠨ ᠲᠢᠩᠬᠢᠮ ᠳᠤ | ᠶᠠᠪᠤᠭᠳᠠᠪᠠ᠃ ᠯᠢ ᠺᠧ ᠴᠢᠶᠠᠩ ᠡᠭᠦᠳᠡᠨ ᠳᠡᠭᠡᠷᠡᠬᠢ ᠨᠢᠭᠡᠨ ᠭᠦ᠋ ᠯᠠᠩ ᠢᠦᠢ ᠠᠷᠠᠯ ᠤᠨ ᠬᠠᠳᠬᠤᠮᠠᠯ ᠲᠠᠢ | ᠲᠠᠰᠢᠶᠠᠯᠠᠪᠴᠢ ᠶᠢ ᠵᠢᠭᠠᠵᠤ ᠪᠠᠶᠢᠭᠠᠳ ᠢᠯᠡᠳᠬᠡᠭᠰᠡᠨ ᠨᠢ᠂ ᠠᠵᠤ ᠠᠬᠤᠶ ᠶᠢ ᠬᠥᠭᠵᠢᠭᠦᠯᠬᠦ᠂ ᠰᠢᠨ᠎ᠡ ᠬᠥᠳᠡᠯᠭᠡᠭᠴᠢ | ᠡᠨᠧᠷᠭᠢ ᠶᠢ ᠪᠣᠶᠢᠵᠢᠭᠤᠯᠬᠤ ᠳᠤ ᠭᠤᠣᠯ ᠨᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ᠎ᠡ᠃ ᠹᠦᠵᠢᠶᠠᠨ | ᠲᠡᠦᠬᠡᠨ ᠠᠴᠠ ᠪᠠᠨ ᠠᠪᠤᠭᠠᠳ ᠨᠡᠭᠡᠭᠡᠯᠲᠡ ᠬᠢᠬᠦ ᠤᠯᠠᠮᠵᠢᠯᠠᠯ ᠲᠠᠢ᠂ ᠥᠭᠡᠷᠡᠴᠢᠯᠡᠯᠲᠡ ᠨᠡᠭᠡᠭᠡᠯᠳᠡ ᠶᠢᠨ ᠴᠠᠭ | ᠦᠶ᠎ᠡ ᠳᠤ ᠪᠠᠰᠠ ᠪᠦᠬᠦ ᠤᠯᠤᠰ ᠤᠨ ᠡᠮᠦᠨ᠎ᠡ ᠶᠠᠪᠤᠵᠤ ᠪᠠᠶᠢᠯ᠎ᠠ᠂ ︽ᠮᠠᠨ ᠤ ᠬᠠᠮᠤᠭ ᠡᠷᠲᠡ ᠪᠠᠶᠢᠭᠤᠯᠤᠭᠰᠠᠨ ᠠᠵᠤ | ᠠᠬᠤᠶ ᠶᠢᠨ ᠳᠥᠷᠪᠡᠨ ᠣᠨᠴᠠᠭᠠᠢ ᠣᠷᠣᠨ ᠳᠤ ᠰᠢᠶᠠᠮᠧᠨ ᠣᠷᠣᠵᠤ ᠪᠤᠢ︾ ᠭᠡᠵᠡᠢ᠃ | ︽ᠹᠦᠵᠢᠶᠠᠨ ᠤ ᠠᠵᠤ ᠠᠬᠤᠶ ᠲᠣᠲᠣᠷ᠎ᠠ ᠠᠷᠠᠳ ᠠᠴᠠ ᠡᠵᠡᠩᠨᠡᠭᠰᠡᠨ ᠠᠵᠤ ᠠᠬᠤᠶ ᠳᠠᠷᠤᠢ 2/3 ᠢ | ᠡᠵᠡᠯᠡᠵᠦ ᠪᠠᠶᠢᠳᠠᠭ᠃ ᠹᠦᠵᠢᠶᠠᠨ ᠬᠥᠮᠥᠨ ᠨᠡᠩ ᠴᠤ ︿ᠤᠯᠠ ᠮᠥᠷ ᠢᠶᠠᠨ ᠳᠡᠯᠡᠬᠡᠶ ᠳᠠᠶᠠᠭᠠᠷ ᠲᠤ ᠦᠯᠡᠳᠡᠭᠡᠵᠦ﹀᠂ | ᠮᠠᠰᠢ ᠤᠯᠠᠨ ᠲᠤᠬᠠᠶ ᠶᠢᠨ ᠭᠠᠵᠠᠷ ᠤᠨ ᠠᠷᠠᠳ ᠤᠯᠠᠨ ᠤ ᠢᠳᠡᠭᠡᠨ ᠰᠢᠲᠦᠵᠦ ᠪᠠᠶᠢᠭ᠎ᠠ ᠮᠠᠽᠤ ᠰᠣᠶᠣᠯ ᠨᠢ | ᠲᠡᠯᠡᠢ ᠶᠢᠨ ᠲᠠᠩᠭᠢᠰ ᠤᠨ ᠵᠣᠷᠢᠭ ᠰᠠᠨᠠᠭ᠎ᠠ ᠶᠢ ᠠᠭᠤᠯᠵᠤ ᠪᠠᠶᠢᠳᠠᠭ᠃︾ ᠶᠡᠷᠦᠩᠬᠡᠶ ᠰᠠᠶᠢᠳ ᠬᠡᠯᠡᠭᠰᠡᠨ ᠨᠢ᠂ ︽ᠲᠠ | ᠨᠠᠷ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡᠮᠥ᠋ᠷᠡᠨ ᠤ ᠭᠤᠷᠪᠠᠯᠵᠢᠨ ᠬᠤᠶᠢᠭ ᠲᠠᠢ ᠬᠤᠯᠪᠣᠭᠠᠯᠠᠵᠤ᠂ | ᠵᠡᠭᠦᠨᠰᠢ ᠪᠠᠷᠠᠭᠤᠨᠰᠢ ᠬᠥᠷᠰᠢᠯᠳᠦᠭᠰᠡᠨ ᠨᠢᠭᠡᠨ ᠨᠡᠭᠡᠭᠡᠯᠲᠡ ᠬᠢᠬᠦ ᠶᠡᠭᠡ ᠪᠠᠶᠢᠷᠢᠯᠠᠭᠤᠯᠤᠯᠲᠠ ᠶᠢ ᠪᠤᠢ ᠪᠣᠯᠭᠠᠬᠤ ᠶᠢ | ᠬᠦᠰᠡᠵᠦ ᠪᠤᠢ᠃ ᠡᠭᠦᠨ ᠤ ᠬᠠᠮᠲᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠭᠠᠳᠠᠭᠠᠳᠤ ᠨᠡᠭᠡᠭᠡᠯᠳᠡ ᠶᠢᠨ ︿ | ᠬᠤᠯᠪᠣᠭᠠᠲᠤ ᠬᠥᠯᠭᠡ ᠣᠩᠭᠤᠴᠠᠲᠤ ᠠᠩᠭᠢ﹀ ᠶᠢ ᠪᠠᠶᠢᠭᠤᠯᠵᠤ᠂ ᠪᠦᠯᠬᠦᠮᠳᠡᠨ ᠳᠠᠯᠠᠶ ᠪᠠᠷ ᠠᠶᠠᠯᠠᠨ᠂ | ᠪᠤᠵᠠᠭᠠᠶᠢᠷᠠᠭᠤᠯᠤᠨ ᠬᠦᠴᠦᠷᠬᠡᠭᠵᠢᠭᠦᠯᠰᠦᠭᠡᠢ︕︾ | ᠭᠡᠯᠡ᠃ | ᠯᠢ ᠺᠧ ᠴᠢᠶᠠᠩ ᠬᠠᠮᠤᠭ ᠡᠴᠦᠰ ᠲᠤ ᠹᠦᠵᠢᠶᠠᠨ ᠢ ᠤᠷᠢᠳᠠᠪᠠᠷ ᠬᠢᠵᠦ ᠤᠷᠢᠳᠠᠪᠠᠷ ᠲᠤᠷᠰᠢᠵᠤ᠂ | ᠥᠭᠡᠷᠡᠴᠢᠯᠡᠯᠲᠡ ᠨᠡᠭᠡᠭᠡᠯᠳᠠ ᠬᠢᠬᠦ ᠪᠠ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢ | ᠨᠠᠶᠢᠷᠠᠮᠳᠠᠯ ᠢᠶᠠᠷ ᠬᠥᠭᠵᠢᠭᠦᠯᠬᠦ ᠲᠠᠯ᠎ᠠ ᠪᠠᠷ ᠲᠤᠷᠰᠢᠯᠭ᠎ᠠ ᠬᠤᠷᠠᠮᠳᠤᠭᠤᠯᠬᠤ ᠶᠢ ᠵᠣᠷᠢᠭᠵᠢᠭᠤᠯᠪᠠ᠃ ᠴᠢᠯᠥᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠪᠠᠶᠢᠭᠤᠯᠬᠤ ᠡᠨᠡ ᠬᠦ ᠥᠭᠡᠷᠡᠴᠢᠯᠡᠯᠲᠡ ᠶᠢᠨ ︽ᠲᠤᠷᠰᠢᠯᠲᠠ ᠶᠢᠨ ᠲᠠᠷᠢᠶ᠎ᠠ︾ | ᠶᠢ ᠭᠦᠨ ᠬᠠᠭᠠᠯᠪᠤᠷᠢᠯᠠᠵᠤ᠂ ᠲᠠᠶᠢᠸᠠᠨ ᠢ ᠪᠠᠭᠲᠠᠭᠠᠭᠰᠠᠨ ᠭᠠᠳᠠᠭᠠᠳᠤ ᠠᠵᠤ ᠠᠬᠤᠶ ᠠᠷᠠᠯᠵᠢᠶ᠎ᠠ᠂ ᠬᠥᠮᠦᠨ | ᠨᠡᠶᠢᠭᠡᠮ ᠵᠡᠷᠭᠡ ᠰᠣᠯᠢᠯᠴᠠᠭ᠎ᠠ ᠬᠠᠮᠲᠤᠷᠠᠯᠴᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠭᠡᠭᠡᠯᠲᠡᠲᠦ | ᠬᠡᠯᠪᠡᠷᠢ ᠶᠢᠨ ᠠᠵᠤ ᠠᠬᠤᠶ ᠶᠢᠨ ᠰᠢᠨ᠎ᠡ ᠥᠨᠳᠦᠷᠯᠢᠭ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃ |