ᠬᠤᠶᠠᠷ ᠬᠤᠷᠠᠯ ᠤᠨ ᠲᠤᠰᠬᠠᠶ ᠡᠬᠡ ᠪᠢᠴᠢᠭ᠄ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠠᠴᠠ ᠳᠡᠯᠡᠭᠡᠢ ᠳ᠋ᠠᠬᠢᠨ ᠳᠤ ᠭᠤᠷᠪᠠᠨ ᠶᠡᠭᠡ ᠢᠳᠡᠪᠬᠢᠲᠡᠶ ᠲᠣᠬᠢᠶ᠎ᠠ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2016/3/8
     ︽ᠡᠨᠡ ᠬᠦ ᠵᠠᠩᠭᠢᠯᠠᠭ᠎ᠠ ᠶᠢ ᠰᠢᠪᠲᠣᠯᠣᠭᠠᠳ ᠯᠠ ᠭᠠᠷᠪᠠᠯ᠂ ᠳᠤᠮᠳᠠᠳᠤ ᠤᠯᠤᠰ ᠤᠨ ᠠᠵᠤ ᠠᠬᠤᠶ ᠯᠠᠪᠲᠠᠶ ᠲᠠᠭᠢᠠ ᠠᠮᠢᠯᠠᠭᠰᠠᠨ ᠬᠦᠭᠵᠢᠯᠲᠤ ᠪᠠᠶᠢᠳᠠᠯ ᠳᠤ ᠣᠷᠣᠵᠣ᠂ ᠬᠢᠯᠠᠯᠵᠠᠬᠰᠠᠨ ᠪᠦᠲᠦᠭᠡᠯ ᠢ ᠳᠠᠬᠢᠨᠲᠠ ᠡᠭᠦᠳᠬᠦ ᠪᠣᠯᠣᠨ᠎ᠠ᠃︾ ᠭᠡᠵᠦ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠠᠴᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠂ ᠳᠤᠮᠳᠠ ᠳᠡᠭᠡᠳᠦ ᠬᠤᠷᠳᠤᠴᠠᠲᠤ ᠬᠥᠭᠵᠢᠯᠲᠡ ᠶᠢ ᠪᠡᠶᠡᠯᠡᠭᠦᠯᠬᠦ ᠳᠤ ᠯᠠᠪᠲᠠᠶ ᠢᠯᠠᠬᠤ ᠢᠲᠡᠭᠡᠯ ᠵᠣᠷᠢᠭ ᠪᠣᠯᠣᠨ ᠡᠷᠡᠰ ᠵᠣᠷᠢᠭ ᠢ ᠳᠡᠯᠡᠬᠡᠶ ᠳ᠋ᠠᠬᠢᠨ ᠳᠤ ᠳᠠᠮᠵᠢᠭᠤᠯᠤᠭᠰᠠᠨ ᠪᠠᠶᠢᠨ᠎ᠠ᠃ ᠳᠡᠯᠡᠬᠡᠶ ᠶᠢᠨ ᠠᠵᠤ ᠠᠬᠤᠶ ᠶᠢᠨ ᠪᠠᠶᠢᠳᠠᠯ ᠪᠠᠷᠤᠭᠲᠠᠢ ᠪᠠᠶᠢᠬᠤ ᠵᠠᠩᠭᠢᠯᠠᠭ᠎ᠠ ᠶᠢᠨ ᠴᠠᠭ ᠮᠥᠴᠡ ᠳᠤ᠂ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠲᠣᠭᠲᠠᠭᠤᠨ ᠪᠤᠰᠤ᠂ ᠬᠡᠷᠡᠭᠴᠡᠭᠡ ᠱᠠᠭᠠᠷᠳᠠᠯᠭ᠎ᠠ ᠪᠠᠭᠠᠰᠤᠭᠰᠠᠨ ᠪᠠᠶᠢᠳᠠᠯ ᠳᠤ ᠬᠠᠨᠳᠤᠭᠤᠯᠤᠨ᠂ ᠢᠯᠡᠳᠬᠡᠯ ᠠᠴᠠ ᠳᠡᠯᠡᠬᠡᠶ ᠳ᠋ᠠᠬᠢᠨ ᠳᠤ ᠭᠤᠷᠪᠠᠨ ᠶᠡᠭᠡ ᠢᠳᠡᠪᠬᠢᠲᠡᠶ ᠲᠣᠬᠢᠶ᠎ᠠ ᠶᠢ ᠳᠠᠮᠵᠢᠭᠤᠯᠪᠠ᠃      ᠳᠣᠬᠢᠶ᠎ᠠ ᠨᠢᠭᠡ᠄  ᠲᠣᠭᠲᠠᠭᠤᠨ ᠵᠢᠱᠢᠯᠲᠠ ᠶᠢ ᠳᠠᠮᠵᠢᠭᠤᠯᠪᠠ      ᠢᠯᠡᠳᠬᠡᠯ ᠳᠤ ᠵᠢᠭᠠᠵᠤ ᠭᠠᠷᠭᠠᠭᠰᠠᠨ ᠨᠢ᠂ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ 6.5% -7% ᠪᠣᠯᠣᠨ᠎ᠠ᠃ ᠡᠨᠡ ᠨᠢ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠭᠤᠨ ᠪᠠᠶᠢᠯᠭᠠᠬᠤ ᠪᠠ ᠬᠥᠲᠥᠯᠥᠨ ᠵᠢᠯᠣᠭᠤᠳᠬᠤ ᠳᠤ ᠠᠰᠢᠭᠲᠠᠢ ᠶᠤᠮ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠪᠣᠣ ᠳ᠋ᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠶᠧ ᠷᠦᠢ ᠫᠢᠩ ᠬᠡᠯᠡᠭᠰᠡᠨ ᠨᠢ᠂ ᠢᠯᠡᠳᠬᠡᠯ ᠳᠤ ᠠᠵᠤ ᠠᠬᠤᠶ ᠶᠢᠨ ᠨᠡᠮᠡᠭᠳᠡᠯ ᠤᠨ ᠬᠠᠷᠠᠯᠲᠠ ᠶᠢ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠭᠤᠨ ᠪᠠᠶᠢᠯᠭᠠᠬᠤ ᠪᠠ ᠬᠥᠲᠥᠯᠥᠨ ᠵᠢᠯᠣᠭᠤᠳᠬᠤ ᠲᠠᠢ ᠤᠶᠠᠯᠳᠤᠭᠤᠯᠤᠭᠰᠠᠨ ᠨᠢ ᠳᠠᠷᠤᠶ ᠭᠠᠳᠠᠭᠰᠢ ᠪᠠᠨ ᠲᠣᠳᠣᠷᠬᠠᠶ ᠳᠣᠬᠢᠶ᠎ᠠ ᠳᠠᠮᠵᠢᠭᠤᠯᠬᠤ ᠭᠡᠰᠡᠨ ᠶᠤᠮ᠃ ᠡᠨᠡ ᠨᠢ ᠳᠤᠮᠳᠠᠳᠤ ᠤᠯᠤᠰ ᠤᠨ ᠠᠵᠤ ᠠᠬᠤᠶ ᠭᠦᠢᠴᠡᠳ ᠤᠶᠠᠨ ᠬᠠᠳᠠᠨ ᠴᠢᠨᠠᠷᠲᠠᠶ᠂ ᠳᠠᠯᠳᠠ ᠬᠦᠴᠦᠨ ᠲᠠᠢ ᠪᠥᠭᠡᠳ ᠡᠷᠭᠢᠯᠳᠦᠬᠦ ᠣᠷᠣᠨ ᠵᠠᠶ ᠲᠠᠢ ᠪᠠᠶᠢᠵᠤ᠂ ᠬᠤᠷᠳᠤᠴᠠ ᠪᠠᠨ ᠨᠡᠮᠡᠭᠳᠡᠭᠦᠯᠦᠨ ᠵᠠᠯᠭᠠᠯᠲᠠ ᠪᠠᠨ ᠰᠣᠯᠢᠭᠰᠠᠨ ᠠᠴᠠ ᠪᠣᠯᠵᠤ ᠬᠤᠷᠳᠤᠴᠠ ᠪᠠᠨ ᠠᠯᠳᠠᠬᠤ ᠦᠭᠡᠢ ᠶᠤᠮ ᠭᠡᠰᠡᠨ ᠢ ᠲᠣᠳᠣᠷᠬᠠᠶᠢᠯᠠᠪᠠ ᠭᠡᠵᠡᠢ᠃      ᠢᠲᠡᠭᠡᠯ ᠵᠣᠷᠢᠭ ᠪᠣᠯ ᠦᠨᠡᠨ ᠪᠣᠳᠠᠲᠠᠶ ᠠᠷᠭᠠᠴᠠᠬᠤ ᠠᠷᠭ᠎ᠠ ᠬᠡᠮᠵᠢᠶ᠎ᠡ ᠠᠴᠠ ᠢᠷᠡᠯᠲᠡᠢ ᠶᠤᠮ᠃ ᠢᠯᠡᠳᠬᠡᠯ ᠳᠤ ᠳᠤᠮᠳᠠᠳᠤ ᠤᠯᠤᠰ ᠤᠨ ᠬᠥᠭᠵᠢᠯᠲᠡ ᠶᠢ ᠨᠥᠯᠦᠭᠡᠯᠡᠵᠦ ᠪᠠᠶᠢᠭ᠎ᠠ ᠳᠣᠲᠣᠭᠠᠳᠤ ᠭᠠᠳᠠᠭᠠᠳᠤ ᠬᠦᠴᠦᠨ ᠵᠦᠢᠯ ᠢ ᠨᠠᠷᠢᠨ ᠵᠠᠳᠠᠯᠤᠭᠰᠠᠨ ᠤ ᠬᠠᠮᠲᠤ᠂ ᠠᠵᠤ ᠠᠬᠤᠶ ᠶᠢᠨ ᠠᠵᠢᠯᠯᠠᠭᠠᠨ ᠢ ᠡᠨᠡ ᠵᠢᠯ ᠤᠨ ᠠᠵᠢᠯ ᠤᠨ ᠲᠡᠷᠢᠭᠦᠨ ᠪᠠᠶᠢᠷᠢᠨ ᠤ ᠵᠦᠶ ᠵᠣᠬᠢᠰᠲᠠᠶ ᠣᠷᠣᠨ ᠳᠤ ᠪᠠᠶᠢᠯᠭᠠᠬᠤ ᠶᠢ ᠪᠠᠲᠤᠯᠠᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠳᠤ ᠪᠠᠰᠠ ︽ᠠᠷᠭ᠎ᠠ ᠪᠠᠷᠢᠯ ᠤᠨ ᠰᠢᠨ᠎ᠡ ᠶᠢ ᠡᠭᠦᠳᠬᠦ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠯ︾ ᠪᠠᠶᠢᠬᠤ ᠪᠥᠭᠡᠳ ︽ᠬᠤᠶᠢᠰᠢᠲᠠ ᠶᠢᠨ ᠵᠠᠮ ᠢᠶᠠᠨ ᠦᠯᠡᠳᠡᠭᠡᠪᠡ︾ ᠭᠡᠰᠡᠨ ᠢ ᠵᠢᠭᠠᠵᠤ ᠭᠠᠷᠭᠠᠪᠠ᠃      ᠵᠠᠳᠠᠯᠤᠯᠲᠠ ᠬᠢᠭᠰᠡᠳ ᠤᠨ ᠦᠵᠡᠭᠦ ᠪᠠᠷ᠂ ᠡᠳ᠋ ᠤᠨ ᠵᠠᠰᠠᠭ ᠤᠨ ᠤᠯᠠᠭᠠᠨ ᠲᠤᠭ᠎ᠠ ᠪᠣᠯᠣᠨ ᠳᠡᠯᠭᠡᠷᠡᠩᠭᠦᠶ ᠤᠳᠬ᠎ᠠ ᠶᠢᠨ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠪᠠᠷ ᠪᠡᠯᠭᠡ ᠲᠡᠮᠳᠡᠭ ᠪᠣᠯᠭᠠᠵᠤ᠂ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠪᠠᠷ ᠵᠣᠭᠤᠰᠣᠨ ᠤ ᠲᠥᠷᠦ ᠶᠢᠨ ᠪᠤᠳᠤᠯᠭ᠎ᠠ ᠶᠢ ᠨᠡᠩ ᠠᠮᠢᠳᠤᠯᠢᠭᠵᠢᠭᠤᠯᠬᠤ ᠶᠢ ᠡᠨᠡ ᠵᠢᠯ ᠤᠨ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠭᠤᠣᠯ ᠬᠥᠭ ᠠᠶᠠᠰ ᠪᠣᠯᠭᠠᠪᠠ᠃ ᠭᠤᠣ ᠱᠸᠡᠭ ᠭᠤᠣ ᠬᠤᠸᠠ ᠶᠢᠨ ᠠᠬᠠᠯᠠᠭᠴᠢ ᠳᠤᠮᠳᠠᠳᠤ ᠤᠯᠤᠰ ᠤᠨ ᠠᠵᠤ ᠠᠬᠤᠶ ᠶᠢᠨ ᠤᠬᠠᠭᠠᠨᠲᠠᠨ ᠰᠥᠡᠭ ᠢᠦᠢ ᠵᠠᠳᠠᠯᠬᠤ ᠳᠠᠭᠠᠨ᠂ ᠤᠳᠤᠷᠢᠳᠬᠤ ᠳᠠᠪᠬᠤᠷᠭ᠎ᠠ ᠶᠢᠨ ᠬᠢᠨ ᠨᠡᠩ ᠢᠯᠡᠭᠦᠥ ᠠᠵᠢᠯ ᠬᠢᠵᠦ ᠪᠣᠯᠣᠨ᠎ᠠ᠂ ᠭᠡᠪᠡᠴᠦ ︽ᠰᠤᠮᠤ ᠲᠠᠷᠢ ᠦᠯᠡᠳᠡᠭᠡᠵᠦ︾᠂ ᠣᠬᠤᠷ ᠰᠡᠭᠦᠯ ᠤᠨ ᠬᠡᠰᠡᠭ ᠤᠨ ᠠᠶᠤᠯ ᠲᠦᠭᠰᠢᠭᠦᠷᠢ ᠶᠢᠨ ᠳᠠᠭᠠᠷᠢᠯᠲᠠ ᠶᠢ ᠰᠡᠷᠬᠡᠶᠢᠯᠡᠬᠦ ᠬᠡᠷᠡᠭᠲᠡᠢ ᠭᠡᠵᠡᠢ᠃      ᠡᠨᠡ ᠬᠦ ᠬᠤᠷᠳᠤᠴᠠ ᠪᠠᠷ ᠪᠣᠯ᠂ 5 ᠵᠢᠯ ᠤᠨ ᠳᠠᠷᠠᠭ᠎ᠠ ᠳᠤᠮᠳᠠᠳᠤ ᠤᠯᠤᠰ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ 90 ᠲᠥᠮᠡᠨ ᠳ᠋ᠥᠡᠭᠰᠢᠭᠤᠷ ᠲᠥᠭᠦᠷᠢᠩ ᠢ ᠳᠠᠪᠠᠭ᠋ᠤ ᠪᠣᠯᠣᠨ᠎ᠠ᠃ ᠳᠡᠯᠡᠬᠡᠶ ᠶᠢᠨ ᠬᠠᠮᠤᠭ ᠤᠨ ᠣᠯᠠᠨ ᠬᠥᠮᠦᠨ ᠠᠮᠠ ᠲᠠᠢ ᠬᠥᠭᠵᠢᠵᠦ ᠪᠠᠶᠢᠭ᠎ᠠ ᠲᠤᠮᠤ ᠤᠯᠤᠰ ᠳᠤᠮᠳᠠ ᠥᠨᠳᠥᠷ ᠣᠷᠣᠯᠭ᠎ᠠ ᠲᠠᠢ ᠤᠯᠤᠰ ᠤᠨ ᠡᠩᠨᠡᠭᠡᠨ ᠳᠤ ᠣᠷᠣᠵᠣ᠂ ᠪᠤᠢ ᠪᠦᠬᠦᠢ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ 7000 ᠭᠠᠷᠤᠶ ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠯᠢ ᠴᠣᠭᠴᠠ ᠳᠤᠨᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠪᠣᠯᠣᠨ᠎ᠠ᠃ ᠡᠨᠡ ᠪᠣᠯ ᠤᠳᠤᠬᠢᠴᠢᠯᠠᠯᠲᠠ ᠶᠢᠨ ᠨᠢᠭᠡᠨ ᠪᠡᠯᠭᠡ ᠲᠡᠮᠳᠡᠭ ᠪᠣᠯᠬᠤ ᠪᠥᠭᠡᠳ ᠳᠡᠯᠡᠬᠡᠶ ᠶᠢᠨ ᠭᠠᠶᠢᠬᠠᠮᠰᠢᠭ ᠪᠣᠯᠬᠤ ᠶᠤᠮ᠃      ᠢᠨᠳᠣᠨᠧᠰᠢᠶ᠎ᠠ ᠶᠢᠨ ᠤᠯᠤᠰ ᠲᠦᠷᠦ ᠶᠢᠨ ᠰᠤᠳᠤᠯᠤᠭᠠᠴᠢ ᠯᠢ ᠵᠥᠸᠧ ᠬᠤᠢ ᠶᠢᠨ ᠦᠵᠡᠬᠦ ᠪᠠᠷ᠂ ᠳᠤᠮᠳᠠᠳᠤ ᠤᠯᠤᠰ ᠤᠨ ᠠᠵᠤ ᠠᠬᠤᠶ ᠪᠣᠯ ᠮᠥᠨ ᠬᠦ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠤᠨ ᠴᠢᠬᠤᠯᠠ ᠲᠦᠯᠬᠢᠴᠡ ᠬᠦᠴᠦᠨ ᠤ ᠨᠢᠭᠡ ᠨᠢ ᠪᠣᠯᠤᠨ᠎ᠠ᠃ ᠢᠯᠡᠳᠬᠡᠯ ᠠᠴᠠ ᠠᠪᠴᠤ ᠦᠵᠡᠪᠡᠯ᠂ ᠳᠤᠮᠳᠠᠳᠤ ᠤᠯᠤᠰ ᠤᠨ ᠵᠠᠰᠠᠭ ᠤᠨ ᠭᠠᠵᠠᠷ ᠮᠥᠨ ᠬᠦ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠬᠦ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢᠶᠠᠷ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠬᠤ ᠪᠣᠯᠣᠨ᠎ᠠ᠂ ᠳᠡᠯᠡᠬᠡᠢ ᠶᠢᠨ ᠨᠡᠶᠢᠭᠡᠮ ᠤᠨ ᠬᠢᠨ ᠡᠭᠦᠨ ᠳᠤ ᠬᠡᠲᠦᠷᠬᠡᠶ ᠵᠣᠪᠠᠭ᠋ᠤ ᠬᠡᠷᠡᠭ ᠦᠭᠡᠢ ᠭᠡᠵᠡᠢ᠃      ᠳᠣᠬᠢᠶ᠎ᠠ ᠬᠤᠶᠠᠷ᠄ ᠰᠢᠨ᠎ᠡ ᠨᠡᠮᠡᠭᠳᠡᠯ ᠢ ᠬᠠᠨᠳᠢᠪᠯᠠᠨ᠎ᠠ      ᠤᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 1 ᠵᠠᠭᠤᠨ ᠤ ᠨᠢᠭᠡᠴᠢ ᠨᠡᠮᠡᠭᠳᠡᠬᠦ ᠪᠦᠷᠢ ᠳᠤ᠂ 5 ᠵᠢᠯ ᠤᠨ ᠡᠮᠦᠨᠡᠬᠢ 1.5 ᠵᠠᠭᠤᠨ ᠤ ᠨᠢᠭᠡᠴᠢ᠂ 10 ᠵᠢᠯ ᠤᠨ ᠡᠮᠦᠨᠡᠬᠢ 2.5 ᠵᠠᠭᠤᠨ ᠤ ᠨᠢᠭᠡᠴᠢ ᠨᠡᠮᠡᠭᠳᠡᠭᠰᠡᠨ ᠲᠠᠢ ᠲᠡᠩᠴᠡᠨ᠎ᠡ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠭᠠᠳᠠᠭᠠᠳᠤ ᠶᠢᠨ ᠎ ᠬᠢᠨ ᠤ ᠳᠤᠮᠳᠠᠳᠤ ᠤᠯᠤᠰ ᠤᠨ ᠠᠵᠤ ᠠᠬᠤᠶ ᠶᠢᠨ ᠬᠥᠳᠡᠯᠭᠡᠭᠴᠢ ᠡᠨᠧᠷᠭᠢ ᠰᠣᠯᠢᠬᠤ᠂ ᠬᠤᠷᠳᠤᠴᠠ ᠪᠠᠨ ᠨᠡᠮᠡᠭᠳᠡᠭᠦᠯᠦᠨ ᠵᠠᠯᠭᠠᠯᠲᠠ ᠪᠠᠨ ᠰᠣᠯᠢᠬᠤ ᠠᠴᠠ ᠪᠣᠯᠵᠤ ᠳᠡᠯᠡᠬᠡᠶ ᠶᠢᠨ ᠠᠵᠤ ᠠᠬᠤᠶ ᠶᠢ ᠨᠥᠯᠥᠭᠡᠯᠡᠬᠦ ᠠᠴᠠ ᠰᠠᠨᠠᠭᠠᠰᠢᠷᠠᠵᠤ ᠪᠠᠶᠢᠭ᠎ᠠ ᠳᠤ ᠲᠤᠭ᠎ᠠ ᠪᠠᠷᠢᠮᠲᠠ ᠪᠠᠷ ᠢᠶᠠᠨ ᠬᠠᠷᠢᠭᠤᠯᠲᠠ ᠥᠭᠪᠡ᠃      ᠳᠤᠮᠳᠠᠳᠤ ᠤᠯᠤᠰ ᠤᠨ ᠠᠵᠤ ᠠᠬᠤᠶ ᠪᠣᠯ ᠮᠥᠨ ᠬᠦ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠤᠨ ᠴᠢᠬᠤᠯᠠ ᠲᠦᠰᠢᠭ ᠲᠤᠯᠭᠠᠭᠤᠷᠢ ᠮᠥᠨ᠃ ᠣᠳᠣᠬᠠᠨ ᠳᠤ ᠳᠤᠮᠳᠠᠳᠤ ᠤᠯᠤᠰ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ 60 ᠲᠥᠮᠡᠨ ᠳ᠋ᠥᠡᠭᠰᠢᠭᠤᠷ ᠲᠥᠭᠦᠷᠢᠭ ᠢ ᠳᠠᠪᠠᠵᠤ᠂ ᠳᠡᠯᠡᠬᠡᠶ ᠶᠢᠨ ᠬᠤᠶᠠᠳᠤᠭᠠᠷ ᠪᠠᠶᠢᠷᠢᠨ ᠳᠤ ᠣᠷᠣᠭᠰᠠᠨ ᠪᠠᠶᠢᠨ᠎ᠠ᠃ ᠳᠡᠯᠡᠬᠡᠶ ᠶᠢᠨ ᠪᠠᠩᠬᠢ ᠶᠢᠨ ᠲᠤᠭ᠎ᠠ ᠪᠠᠷᠢᠮᠲᠠ ᠠᠴᠠ ᠦᠵᠡᠪᠡᠯ᠂ 2015 ᠣᠨ ᠳᠤ᠂ ᠳᠤᠮᠳᠠᠳᠤ ᠤᠯᠤᠰ ᠮᠥᠨ ᠯᠡ ᠪᠦᠬᠦ ᠪᠥᠮᠪᠥᠷᠴᠡᠭ ᠤᠨ ᠠᠵᠤ ᠠᠬᠤᠶ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠭ ᠤᠨ ᠲᠦᠷᠭᠡᠨ ᠨᠡᠮᠡᠭᠳᠡᠭᠰᠡᠨ ᠠᠵᠤ ᠠᠬᠤᠶ ᠶᠢᠨ ᠴᠣᠭᠴᠠ ᠶᠢᠨ ᠨᠢᠭᠡ ᠨᠢ ᠪᠠᠶᠢᠵᠤ᠂ ᠪᠦᠬᠦ ᠪᠥᠮᠪᠥᠷᠴᠡᠭ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 25%᠎ ᠪᠠᠷ ᠬᠦᠷᠴᠡᠢ᠃      ᠲᠥᠭ ᠲᠥᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠪᠠ ︽ᠢᠨᠲ᠋ᠧᠷ ᠰᠦᠯᠵᠢᠶ᠎ᠡ +︾᠎ ᠶᠢᠨ ᠦᠷᠡᠵᠢᠭᠦᠯᠬᠦ ᠨᠥᠯᠦᠭᠡᠯᠡᠯ ᠢ ᠪᠠᠳᠠᠷᠠᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠵᠢᠭᠳᠡ ᠪᠠᠶᠢᠯᠭᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠨ ᠠᠮᠠ ᠶᠢᠨ ᠬᠤᠪᠢ ᠶᠢᠨ ᠵᠢᠩ ᠢ ᠳᠡᠭᠡᠭᠰᠢᠯᠡᠭᠦᠯᠬᠦ ᠵᠡᠷᠭᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠪᠣᠳᠠᠲᠠᠶ ᠬᠠᠷᠠᠯᠲᠠ ᠪᠣᠯᠣᠨ ᠠᠷᠭ᠎ᠠ ᠬᠡᠮᠵᠢᠶ᠎ᠡ ᠨᠢ ᠪᠥᠬᠦ ᠪᠥᠮᠪᠥᠷᠴᠡᠭ ᠲᠤ ᠵᠥᠪ ᠲᠠᠯ᠎ᠠ ᠶᠢᠨ ᠨᠥᠯᠦᠭᠡ ᠦᠵᠡᠭᠦᠯᠬᠦ ᠨᠢ ᠳᠠᠮᠵᠢᠭ ᠦᠭᠡᠢ ᠶᠤᠮ᠃ ᠡᠮᠦᠨᠡᠲᠦ ᠠᠹᠷᠢᠺᠠ ᠶᠢᠨ ᠶᠢᠨ ᠱᠠᠨ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠬᠢᠭᠡᠳ ᠤᠯᠠᠨ ᠤᠯᠤᠰ ᠤᠨ ᠬᠠᠷᠢᠴᠠᠭᠠᠨ ᠤ ᠳᠡᠭᠡᠳᠦ ᠰᠤᠷᠭᠠᠭᠤᠯᠢ ᠶᠢᠨ ᠫᠷᠣᠹᠧᠰᠰᠤᠷ ᠱᠧᠷᠳᠥ᠋ᠨ ᠢᠯᠡᠳᠬᠡᠭᠰᠡᠨ ᠨᠢ᠂ ᠬᠥᠭᠵᠢᠭᠰᠡᠨ ᠠᠵᠤ ᠠᠬᠤᠶ ᠶᠢᠨ ᠴᠣᠭᠴᠠ ᠶᠢᠨ ᠨᠡᠮᠡᠭᠳᠡᠯ ᠨᠢ ᠥᠭᠡᠳᠡ ᠤᠢᠭᠡᠢ ᠪᠠᠶᠢᠬᠤ ᠠᠬᠤᠶ ᠪᠠᠶᠢᠳᠠᠯ ᠤᠨ ᠳᠣᠣᠷ᠎ᠠ᠂ ᠳᠤᠮᠳᠠᠳᠤ ᠤᠯᠤᠰ ᠤᠨ ᠰᠢᠨ᠎ᠡ ᠪᠠᠷ ᠬᠥᠭᠵᠢᠭᠰᠡᠨ ᠬᠡᠷᠡᠭᠯᠡᠭᠡ ᠶᠢᠨ ᠥᠷᠭᠡᠳᠬᠡᠯ ᠨᠢ ᠳᠡᠯᠡᠬᠡᠶ ᠶᠢᠨ ᠪᠤᠰᠤᠳ ᠭᠠᠵᠠᠷ ᠣᠷᠣᠨ ᠳᠤ ᠭᠠᠳᠠᠭᠠᠳᠤ ᠳᠤ ᠭᠠᠷᠭᠠᠬᠤ ᠴᠢᠬᠤᠯᠠ ᠵᠠᠬ᠎ᠠ ᠳᠡᠯᠭᠡᠭᠦᠷ ᠬᠠᠩᠭᠠᠬᠤ ᠪᠣᠯᠤᠨ᠎ᠠ ᠭᠡᠵᠡᠢ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠳᠡᠯᠡᠬᠡᠶ ᠳ᠋ᠠᠬᠢᠨ ᠳᠤ ᠳᠠᠮᠵᠢᠭᠤᠯᠤᠭᠰᠠᠨ ᠳᠣᠬᠢᠶ᠎ᠠ ᠨᠢ ᠪᠠᠰᠠ ᠬᠦᠭᠵᠢᠭᠦᠯᠬᠦ ᠤᠨᠤᠯᠵᠠᠬᠤᠨ᠂ ᠰᠡᠳᠬᠢᠴᠡ ᠪᠠ ᠠᠷᠭ᠎ᠠ ᠶᠢᠨ ᠰᠢᠨ᠎ᠡ ᠡᠭᠦᠳᠦᠯᠲᠡ ᠳᠤ ᠪᠠᠶᠢᠨ᠎ᠠ᠃ ᠮᠡᠳᠡᠭᠦᠯᠦᠯᠲᠡ ᠳᠤ ᠵᠢᠭᠠᠭᠰᠠᠨ ᠨᠢ᠂ ᠳᠤᠮᠳᠠᠳᠤ ᠤᠯᠤᠰ ᠤᠨ ᠪᠦᠲᠦᠴᠡ ᠶᠢᠨ ᠲᠤᠬᠢᠷᠠᠭᠤᠯᠤᠯᠲᠠ ᠪᠡᠯᠭᠡ ᠲᠡᠮᠳᠡᠭ ᠤᠨ ᠴᠢᠨᠠᠷᠲᠠᠶ ᠠᠬᠢᠴᠠ ᠲᠠᠢ ᠪᠤᠯᠵᠤ᠂ ᠦᠢᠯᠡᠴᠢᠯᠡᠭᠡᠨ ᠤ ᠦᠢᠯᠡᠰ ᠨᠢᠭᠡᠳᠦᠭᠡᠷ ᠲᠤᠮᠤ ᠠᠵᠤ ᠦᠢᠯᠡᠰ ᠪᠤᠯᠵᠤ᠂ ᠬᠡᠷᠡᠭᠯᠡᠭᠡ ᠎ ᠨᠢ ᠠᠵᠤ ᠠᠬᠤᠶ ᠶᠢᠨ ᠨᠡᠮᠡᠭᠳᠡᠯ ᠢ ᠲᠤᠯᠭᠠᠭᠤᠷᠢᠯᠠᠬᠤ ᠭᠤᠣᠯ ᠬᠦᠴᠦᠨ ᠪᠤᠯᠪᠠ᠃ ᠳᠤᠮᠳᠠᠳᠤ ᠤᠯᠤᠰ ᠨᠢᠭᠡᠨᠲᠡ ᠳᠡᠯᠡᠬᠡᠶ ᠶᠢᠨ ᠭᠤᠣᠯ ᠠᠵᠤ ᠠᠬᠤᠶ ᠶᠢᠨ ᠴᠣᠭᠴᠠ ᠶᠢᠨ ᠳᠣᠲᠣᠷ᠎ᠠ ᠥᠭᠡᠷᠡᠴᠢᠯᠡᠯᠲᠡ ᠶᠢᠨ ᠬᠤᠰᠢᠭᠤᠴᠢ ᠪᠣᠯᠤᠭᠰᠠᠨ ᠢ ᠮᠠᠰᠢ ᠤᠯᠠᠨ ᠶᠠᠪᠤᠳᠠᠯ ᠬᠠᠷᠠᠭᠤᠯᠤᠭᠰᠠᠨ ᠪᠠᠶᠢᠨ᠎ᠠ᠃      ᠧᠦ᠋ᠷᠣᠫᠠ ᠶᠢᠨ ᠤᠯᠠᠨ ᠤᠯᠤᠰ ᠤᠨ ᠤᠯᠤᠰ ᠲᠦᠷᠦ ᠠᠵᠤ ᠠᠬᠤᠶ ᠶᠢᠨ ᠰᠤᠳᠤᠯᠭᠠᠨ ᠤ ᠲᠥᠪ ᠤᠨ ᠡᠷᠬᠢᠯᠡᠭᠴᠢ ᠹᠷᠤᠳᠤᠷᠢᠺ · ᠠᠶᠢᠺᠡᠰᠥᠨ ᠬᠡᠯᠡᠭᠰᠡᠨ ᠨᠢ᠂ ᠳᠤᠮᠳᠠᠳᠤ ᠤᠯᠤᠰ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠦᠷᠨᠢᠭᠦᠯᠦᠭᠰᠡᠨ ᠶᠠᠪᠤᠳᠠᠯ ᠨᠢ ᠳᠡᠯᠡᠬᠡᠶ ᠶᠢᠨ ᠠᠵᠤ ᠠᠬᠤᠶ ᠳᠤ ᠢᠳᠡᠪᠬᠢᠲᠡᠶ ᠨᠥᠯᠥᠭᠡ ᠭᠠᠷᠭᠠᠵᠤ᠂ ᠳᠤᠮᠳᠠᠳᠤ ᠤᠯᠤᠰ ᠤᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠨᠢ ᠴᠦ ᠡᠭᠦᠨ ᠲᠠᠢ ᠠᠳᠠᠯᠢᠬᠠᠨ ᠴᠢᠬᠤᠯᠠ ᠦᠢᠯᠡᠳᠦᠯ ᠲᠠᠢ ᠶᠤᠮ ᠭᠡᠵᠡᠢ᠃      ᠿᠦᠢ ᠰᠦᠢ ᠦᠨᠡᠲᠦ ᠲᠡᠮᠳᠡᠭᠲᠦ ᠠᠵᠤ ᠠᠬᠤᠶ ᠶᠢᠨ ᠤᠬᠠᠭᠠᠨᠲᠠᠨ ᠱᠸᠡᠨ ᠵᠢᠶᠠᠨ ᠭᠤᠸᠠᠩ ᠤᠨ ᠦᠵᠡᠬᠦ ᠪᠠᠷ ᠂ ᠳᠤᠮᠳᠠᠳᠤ ᠤᠯᠤᠰ ᠤᠨ ᠲᠦᠷᠦ ᠶᠢᠨ ᠪᠤᠳᠦᠯᠭ᠎ᠠ ᠶᠢᠨ ᠰᠢᠨ᠎ᠡ ᠡᠭᠦᠳᠦᠯᠲᠡ ᠨᠢ ︽ᠬᠥᠮᠦᠨ︾᠎ ᠤ ᠬᠠᠩᠭᠠᠯᠭ᠎ᠠ ᠶᠢᠨ ᠰᠢᠯᠢᠳᠡᠭᠵᠢᠭᠦᠯᠦᠯ ᠢ ᠣᠨᠴᠠᠭᠠᠶᠢᠯᠠᠨ ᠴᠢᠬᠤᠯᠠᠴᠢᠯᠠᠭᠰᠠᠨ ᠳᠤ ᠪᠤᠢ᠂ ᠲᠤᠬᠠᠶᠢᠯᠠᠪᠠᠯ ᠶᠠᠳᠠᠭᠤ ᠶᠢ ᠲᠡᠳᠬᠦᠬᠦ ᠪᠠ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠵᠡᠷᠭᠡ ᠪᠠᠷ ᠳᠠᠮᠵᠢᠭᠤᠯᠤᠨ᠂ ᠬᠥᠳᠡᠯᠮᠦᠷᠢ ᠶᠢᠨ ᠬᠦᠴᠦᠨ ᠤ ᠬᠡᠪ ᠴᠢᠨᠠᠷ ᠢ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠬᠦᠷᠦᠩᠭᠡ ᠶᠢ ᠬᠤᠷᠠᠮᠳᠤᠭᠤᠯᠵᠤ᠂ ᠨᠡᠮᠡᠭᠳᠡᠯ ᠪᠠ ᠰᠢᠨ᠎ᠡ ᠶᠢ ᠡᠭᠦᠳᠬᠦ ᠳᠤ ᠬᠠᠮᠤᠭ ᠤᠨ ᠲᠡᠭᠦᠯᠳᠡᠷ ᠪᠡᠶᠡᠴᠢ ᠴᠢᠳᠠᠮᠠᠭᠠᠶ ᠦᠢᠯᠡᠳᠦᠯ ᠦᠵᠡᠭᠦᠯᠦᠭᠴᠢ ᠬᠥᠮᠦᠨ ᠤ ᠬᠦᠴᠦᠨ ᠢ ᠬᠦᠭᠵᠢᠭᠡᠵᠡᠢ᠃      ᠶᠠᠭ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠮᠡᠲᠦ᠂ ᠬᠥᠭᠵᠢᠯᠲᠡ ᠶᠢᠨ ᠬᠡᠮᠵᠢᠶᠡᠯᠡᠰᠢ ᠦᠭᠡᠢ ᠬᠦᠴᠦᠨ ᠨᠢ ᠠᠷᠠᠳ ᠣᠯᠠᠨ ᠤ ᠳᠤᠮᠳᠠ ᠬᠠᠳᠠᠭᠠᠯᠠᠭᠳᠠᠵᠤ ᠪᠠᠶᠢᠨ᠎ᠠ᠃ ᠵᠠᠳᠠᠯᠤᠯᠲᠠ ᠬᠢᠭᠰᠡᠳ ᠤᠨ ᠦᠵᠡᠬᠦ ᠪᠠᠷ᠂ ᠤᠯᠠᠮᠵᠢᠯᠠᠯᠲᠤ ᠬᠦᠳᠡᠯᠭᠡᠭᠴᠢ ᠡᠨᠧᠷᠭᠢ ᠪᠠ ᠰᠢᠨ᠎ᠡ ᠬᠥᠳᠡᠯᠭᠡᠭᠴᠢ ᠡᠨᠧᠷᠭᠢ ᠶᠢᠨ ︽ᠬᠤᠣᠰ ᠬᠥᠳᠡᠯᠭᠡᠭᠦᠷ︾᠎ ᠤᠨ ᠬᠦᠳᠡᠯᠭᠡᠭᠦᠷ ᠳᠣᠣᠷ᠎ᠠ᠂ ᠢᠷᠡᠭᠡᠳᠦᠶ ᠳᠤ ᠳᠤᠮᠳᠠᠳᠤ ᠤᠯᠤᠰ ᠤᠨ ᠠᠵᠤ ᠠᠬᠤᠶ ᠦᠷᠭᠦᠯᠵᠢᠯᠡᠨ ᠨᠡᠮᠡᠭᠳᠡᠬᠦ ᠪᠥᠭᠡᠳ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠪᠤᠯᠤᠨ᠎ᠠ᠃      ᠳᠣᠬᠢᠶ᠎ᠠ ᠭᠤᠷᠪᠠ᠄ ᠭᠠᠳᠠᠭᠠᠳᠤ ᠪᠡᠯᠡ ᠶᠢ ᠨᠡᠩ ᠢᠯᠡᠭᠦᠦ ᠲᠠᠲᠠᠬᠤ ᠬᠦᠴᠦᠨ ᠲᠠᠢ ᠦᠡᠭ ᠰᠢᠮᠡᠯᠢᠭ ᠬᠦᠷᠦᠰᠦ ᠶᠢ ᠪᠤᠢ ᠪᠣᠯᠭᠠᠵᠠᠢ      ᠰᠢᠨ᠎ᠡ ᠬᠠᠭᠤᠴᠢᠨ ᠬᠦᠳᠡᠯᠭᠡᠭᠴᠢ ᠡᠨᠧᠷᠭᠢ ᠶᠢ ᠰᠣᠯᠢᠬᠤ ᠶᠠᠪᠤᠳᠠᠯ ᠪᠣᠯ ᠨᠢᠭᠡᠨ ᠦᠶ᠎ᠡ ᠦᠶ᠎ᠡ ᠡᠪᠡᠳᠬᠦ ᠲᠤᠬᠢᠷᠡᠭᠤᠯᠦᠯᠳᠠ ᠶᠢᠨ ᠱᠠᠲᠤ ᠮᠦᠨ ᠪᠦᠭᠡᠳ ᠪᠠᠰᠠ ᠴᠤ ᠨᠢᠭᠡᠨ ᠬᠦᠰᠡᠯ ᠡᠷᠡᠮᠡᠯᠵᠡᠯ ᠪᠢᠯᠬᠠᠯᠠᠭᠰᠠᠨ ᠲᠡᠰ ᠳᠡᠪᠰᠢᠭᠦᠯᠬᠦ ᠶᠠᠪᠤᠴᠠ ᠮᠥᠨ᠃ ᠮᠡᠳᠡᠭᠦᠯᠦᠯᠲᠡ ᠨᠢ ᠳᠡᠯᠡᠬᠡᠶ ᠳ᠋ᠠᠬᠢᠨ ᠳᠤ ︽ᠪᠠᠭᠠᠲᠤᠷ ᠡᠷ᠎ᠡ ᠪᠠᠭᠤᠤ ᠪᠠᠨ ᠴᠠᠪᠴᠢᠬᠤ ︾ ᠮᠠᠶ᠋ᠢᠭ ᠤᠨ ᠦᠭᠡᠷᠡᠴᠢᠯᠡᠯᠲᠡ ᠳᠤ ᠯᠤᠲᠤ ᠶᠡᠭᠡ ᠠᠵᠠ ᠲᠤᠬᠢᠶᠠᠯ ᠨᠡᠪᠴᠢᠵᠦ ᠪᠠᠶᠢᠬᠤ ᠶᠢ ᠳᠡᠯᠭᠡᠨ ᠦᠵᠡᠭᠦᠯᠪᠡ᠃      ᠰᠢᠨ᠎ᠡ ᠨᠢᠭᠡᠨ ᠡᠭᠡᠯᠵᠢ ᠶᠢᠨ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠠᠪᠴᠢᠷᠠᠬᠤ ᠨᠢ ᠵᠦᠢᠯ ᠵᠦᠢᠯ ᠤᠨ ᠨᠡᠩ ᠢᠯᠡᠭᠦᠦ ᠭᠦᠨᠵᠡᠭᠡᠶ ᠥᠭᠡᠷᠡᠴᠢᠯᠡᠯᠲᠡ ᠶᠢᠨ ᠠᠷᠭ᠎ᠠ ᠪᠠᠷᠢᠯ ᠪᠤᠯᠤᠨ᠎ᠠ᠄ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ᠂ ᠪᠡᠯᠡ ᠣᠷᠣᠭᠤᠯᠤᠯᠲᠠ ᠶᠢᠨ ᠵᠥᠪᠰᠢᠶᠡᠷᠡᠯ ᠢ ᠠᠭᠤᠵᠢᠭᠤ ᠲᠠᠯᠪᠢᠬᠤ᠂ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠳᠡᠭᠡᠷ᠎ᠡ ᠨᠠᠵᠠᠭᠠᠶ ᠲᠠᠯ᠎ᠠ ᠶᠢᠨ ᠳᠠᠩᠰᠠ ᠶᠢ ᠨᠡᠮᠡᠨ ᠬᠠᠮᠢᠶᠠᠷᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠪᠠ ᠬᠡᠷᠡᠭᠯᠡᠬᠦ᠂ ︽ᠱᠧᠨᠵᠧᠨ ᠪᠠ ᠰᠢᠶᠠᠩᠭᠠᠩ ᠤᠨ ᠰᠲ᠋ᠣᠺ ᠤᠨ ᠵᠠᠬ᠎ᠠ ᠳᠡᠯᠭᠡᠭᠦᠷ ᠢ ᠨᠡᠪᠲᠡᠷᠡᠭᠦᠯᠬᠦ︾ ᠲᠤᠬᠢᠲᠠᠢ ᠴᠠᠭ ᠲᠤᠨᠢ ᠡᠬᠢᠯᠡᠭᠦᠯᠦᠨ᠎ᠡ᠃ ᠢᠯᠡᠳᠬᠡᠯ ᠳᠤ ᠲᠤᠳᠤᠷᠬᠠᠢ ᠵᠢᠭᠠᠭᠰᠠᠨ ᠨᠢ᠂ ᠳᠤᠮᠳᠠᠳᠤ ᠤᠯᠤᠰ ᠢᠮᠠᠭᠳᠠ ᠮᠠᠰᠢ ᠶᠡᠭᠡ ᠲᠠᠲᠠᠬᠤ ᠬᠦᠴᠦᠨ ᠲᠠᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠲᠠ ᠶᠢᠨ ᠬᠠᠯᠠᠭᠤᠨ ᠬᠦᠯᠡᠮᠵᠢ ᠪᠤᠯᠤᠨ᠎ᠠ᠃      ︽13.5︾᠎ ᠶᠢᠨ ᠬᠤᠭᠤᠴᠠᠭᠠᠨ ᠳᠤ᠂ ᠳᠤᠮᠳᠠᠳᠤ ᠤᠯᠤᠰ ᠠᠴᠠ ᠲᠡᠷᠢᠭᠦᠨ ᠤ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠤᠳᠤ ᠦᠶ᠎ᠡ ᠶᠢᠨ ᠦᠢᠯᠡᠴᠢᠯᠡᠭᠡ ᠵᠡᠷᠭᠡ ᠬᠦᠷᠢᠶ᠎ᠡ ᠵᠢᠴᠢ ᠳᠤᠮᠳᠠ ᠪᠠᠷᠠᠭᠤᠨ ᠬᠡᠰᠡᠭ ᠪᠠ ᠵᠡᠭᠦᠨ ᠬᠤᠶᠢᠲᠤ ᠣᠷᠣᠨ ᠳᠤ ᠭᠠᠳᠠᠭᠠᠳᠤ ᠪᠠᠯᠠ ᠶᠢ ᠨᠡᠩ ᠢᠯᠡᠭᠦᠦ ᠤᠷᠤᠭᠤᠯᠬᠤ ᠶᠢ ᠵᠤᠷᠢᠭᠵᠢᠭᠤᠯᠤᠨ᠎ᠠ᠃      ᠢᠰᠫᠠᠨᠢ ᠶᠢᠨ ᠰᠠᠨᠲ᠋ᠠ ·  ᠪᠧᠷᠦ ᠶᠡᠭᠡ ᠰᠤᠷᠭᠠᠭᠤᠯᠢ ᠶᠢᠨ ᠫᠷᠤᠹᠧᠰᠰᠤᠷ ᠠᠨᠷᠢᠺᠧ · ᠹᠠᠨᠬᠦᠷ ᠤᠨ ᠦᠵᠡᠬᠦ ᠪᠠᠷ ᠂ ᠭᠠᠳᠠᠭᠠᠳᠤ ᠶᠢᠨ ᠠᠵᠤ ᠠᠬᠤᠶᠢᠯᠠᠯ ᠤᠳ ᠳᠤᠮᠳᠠᠳᠤ ᠤᠯᠤᠰ ᠲᠤ ᠥᠪᠡᠷ ᠤᠨ ᠥᠷᠲᠡᠭ ᠨᠢ ᠳᠤᠤᠷ᠎ᠠ ᠦᠢᠯᠡᠳᠪᠦᠷᠢᠯᠡᠯ ᠤᠨ ᠰᠠᠭᠤᠷᠢᠨ ᠭᠠᠵᠠᠷ ᠭᠡᠵᠦ ᠦᠵᠡᠭᠳᠡᠬᠦ ᠪᠠᠨ ᠪᠤᠯᠢᠵᠡᠢ᠂ ᠲᠡᠳᠡ ᠳᠤᠮᠳᠠᠳᠤ ᠤᠯᠤᠰ ᠲᠤ ᠤᠷᠤᠬᠤ ᠎ ᠨᠢ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠳᠠᠪᠠᠭᠤᠯᠢᠭ ᠪᠠᠶᠢᠳᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠡᠯᠳᠡ ᠬᠦᠴᠦᠨ ᠪᠠ ᠡᠳᠦᠷ ᠢᠷᠡᠬᠦᠶ᠎ᠡ ᠡᠯᠪᠡᠭ ᠳᠡᠯᠪᠡᠭ ᠪᠤᠯᠵᠦ ᠪᠠᠶᠢᠬᠤ ᠬᠦᠷᠦᠩᠭᠡ ᠶᠢ ᠨᠡᠩ ᠴᠢᠬᠤᠯᠠᠴᠢᠯᠠᠨ ᠦᠵᠡᠭᠰᠡᠨ ᠪᠠᠶᠢᠨ᠎ᠠ ᠭᠡᠪᠡ᠃      ᠳᠤᠮᠳᠠᠳᠤ ᠤᠯᠤᠰ ᠤᠨ ᠤᠯᠠᠮᠵᠢᠯᠠᠯᠲᠤ ᠠᠵᠤ ᠦᠢᠯᠡᠰ ᠨᠢ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠦᠷᠲᠡᠭ ᠤᠨ ᠬᠡᠯᠬᠢᠶ᠎ᠡ ᠶᠢ ᠳᠠᠬᠢᠨ ᠪᠠᠶᠢᠭᠤᠯᠬᠤ ᠶᠠᠪᠤᠴᠠ ᠳᠤ ᠰᠢᠨ᠎ᠡ ᠴᠤᠭ ᠪᠠᠳᠠᠷᠠᠩᠭᠤᠶ ᠬᠡᠷᠡᠭᠴᠡᠭᠡ ᠶᠢ ᠪᠤᠢ ᠪᠤᠯᠭᠠᠵᠠᠢ᠃ ᠡᠭᠦᠨ ᠤ ᠬᠠᠮᠲᠤ᠂ ᠴᠢᠯᠥᠭᠡᠲᠡᠶ ᠶᠠᠪᠤᠯᠴᠠᠬᠤ ᠨᠢ ᠨᠢᠭᠡᠨᠲᠡ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠴᠢᠩᠭᠠᠳᠬᠠᠬᠤ᠂ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠢ ᠨᠡᠮᠡᠷᠢᠯᠡᠬᠦ᠂ ᠥᠷᠢᠰᠥᠯᠳᠦᠭᠡᠨ ᠤ ᠳᠠᠪᠠᠭᠤᠯᠢᠭ ᠢ ᠡᠭᠦᠳᠬᠦ ᠶᠢᠨ ᠵᠠᠶᠢᠯᠠᠰᠢ ᠦᠭᠡᠢ ᠰᠣᠩᠭᠤᠯᠲᠠ ᠪᠤᠯᠪᠠ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠯᠳᠠ ᠲᠠᠢ ᠪᠤᠯᠵᠤ᠂ ᠤᠯᠠᠨ ᠤᠯᠤᠰ ᠤᠨ ᠬᠤᠭᠤᠷᠣᠨᠳᠣᠬᠢ ᠦᠢᠯᠡᠳᠪᠦᠷᠢᠯᠡᠯ ᠤᠨ ᠴᠢᠳᠠᠮᠵᠢ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠵᠤ᠂ ᠥᠨᠳᠥᠷ ᠪᠠᠷᠢᠮᠵᠢᠶ᠎ᠠ ᠪᠦᠬᠦᠢ ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠠᠯᠬᠤᠮ ᠠᠯᠬᠤᠮ ᠢᠶᠠᠷ ᠪᠠᠶᠢᠭᠤᠯᠬᠤ ᠵᠡᠷᠭᠡ ᠬᠠᠷᠠᠯᠲᠠ ᠪᠣᠯ ᠬᠥᠷᠰᠢ ᠵᠡᠷᠭᠡᠯᠡᠳᠡᠭᠡ ᠤ ᠬᠢᠨ ᠪᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠷᠭᠡᠭᠰᠡᠨ ᠰᠠᠶᠢᠨ ᠮᠡᠳᠡᠭᠡ ᠵᠠᠩᠭᠢ ᠪᠤᠯᠤᠨ᠎ᠠ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠮᠦ ᠳ᠋ᠠᠩ ᠵᠢᠶᠠᠩ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠢᠦᠶ ᠫᠦ ᠬᠡᠯᠡᠭᠰᠡᠨ ᠨᠢ᠂ ︽ᠨᠢᠭᠡ ᠪᠦᠰᠡ ᠨᠢᠭᠡ ᠵᠠᠮ︾᠎ ᠤᠨ ᠲᠦᠯᠦᠪ ᠤᠨ ᠳᠣᠣᠷ᠎ᠠ᠂ ᠬᠠᠷᠠᠮᠥ᠋ᠷᠡᠨ ᠮᠤᠵᠢ ᠶᠢᠨ ︽ᠯᠦᠩ ᠵᠢᠶᠠᠩ ᠤᠨ ᠡᠬᠡ ᠬᠠᠭᠤᠷᠠᠶ ᠪᠠ ᠳᠠᠯᠠᠢ ᠳᠠᠩᠭᠢᠰ ᠤᠨ ᠲᠣᠷᠭᠠᠨ ᠵᠠᠮ ᠤᠨ ᠠᠵᠤ ᠠᠬᠤᠶ ᠶᠢᠨ ᠪᠦᠰᠡ︾ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠵᠡᠷᠭᠡ ᠬᠠᠮᠲᠤᠷᠠᠨ ᠠᠵᠢᠯᠯᠠᠬᠤ ᠲᠦᠷᠦᠯ ᠵᠦᠢᠯ ᠤᠳ ᠶᠠᠭ ᠲᠦᠷᠭᠡᠨ ᠠᠬᠢᠵᠤ᠂ ᠲᠡᠯᠡᠢ ᠬᠠᠭᠤᠷᠠᠶ ᠳᠣᠲᠣᠭᠠᠳᠤ ᠭᠠᠳᠠᠭᠠᠳᠤ ᠶᠢᠨ ᠬᠢᠨ ᠬᠠᠮᠲᠤᠷᠠᠨ ᠬᠦᠲᠦᠯᠦᠯᠴᠡᠵᠦ᠂ ᠵᠡᠭᠦᠨ ᠪᠠᠷᠠᠭᠤᠨ ᠬᠤᠣᠰ ᠴᠢᠭᠯᠡᠯᠲᠦ ᠨᠡᠭᠡᠭᠡᠯᠲᠡ ᠶᠢ ᠪᠦᠬᠦ ᠲᠠᠯ᠎ᠠ ᠪᠠᠷ ᠨᠡᠭᠡᠭᠡᠬᠦ ᠰᠢᠨ᠎ᠡ ᠪᠠᠶᠢᠷᠢᠰᠢᠯ ᠨᠢᠭᠡᠨᠲᠡ ᠡᠬᠢᠯᠡᠪᠡ ᠭᠡᠵᠡᠢ᠃      ᠠᠮᠧᠷᠢᠺᠠ ᠶᠢᠨ ᠶᠧᠷᠦ᠋ ᠶᠡᠭᠡ ᠰᠤᠷᠭᠠᠭᠤᠯᠢ ᠶᠢᠨ ᠳᠡᠭᠡᠳᠦ ᠵᠡᠷᠭᠡ ᠶᠢᠨ ᠰᠤᠳᠤᠯᠤᠭᠴᠢ ᠰᠲ᠋ᠧᠹᠧᠨ · ᠯᠦᠸᠧᠴᠢ ᠬᠡᠯᠡᠭᠰᠡᠨ ᠨᠢ᠂ ᠳᠤᠮᠳᠠᠳᠤ ᠤᠯᠤᠰ ᠤᠨ ᠵᠠᠰᠠᠭ ᠤᠨ ᠭᠠᠵᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠬᠤ ᠶᠢᠨ ᠬᠠᠮᠲᠤ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠳᠬᠠᠵᠤ ᠪᠠᠶᠢᠨ᠎ᠠ᠂ ᠳᠤᠮᠳᠠᠳᠤ ᠤᠯᠤᠰ ᠬᠤᠵᠢᠮ ᠤᠨ 5 ᠵᠢᠯ ᠳᠤ ᠮᠥᠨ ᠳᠤᠮᠳᠠ ᠳᠡᠭᠡᠳᠦ ᠬᠤᠷᠳᠤᠴᠠᠲᠤ ᠨᠡᠮᠡᠭᠳᠡᠯ ᠢ ᠪᠡᠶᠡᠯᠡᠭᠦᠯᠵᠦ ᠴᠢᠳᠠᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号