ᠪᠠᠭᠠᠲᠤᠷ᠄ ᠥᠪᠥᠷ ᠮᠣᠩᠭᠤᠯ ᠠᠮᠢ ᠠᠬᠤᠶ ᠶᠢᠨ ᠬᠠᠮᠠᠭᠠᠯᠠᠯᠲᠠ ᠪᠠᠨ ᠴᠢᠩᠭᠠᠳᠬᠠᠨ  ︽ᠪᠣᠬᠢᠷᠲᠤᠯ ᠦᠭᠡᠢ ᠶᠡᠭᠡ ᠣᠷᠣᠨ︾᠎ ᠢ ᠴᠣᠭᠴᠠᠯᠠᠵᠤ ᠪᠣᠢ
ᠨᠡᠶᠢᠲᠡᠯᠡᠭᠰᠡᠨ ᠴᠠᠭ᠄
2016/3/8
     7᠎ ᠤ ᠡᠳᠦᠷ ᠬᠤᠷᠠᠯᠳᠤᠭᠰᠠᠨ ᠥᠪᠥᠷ ᠮᠣᠩᠭᠤᠯ ᠤᠨ ᠪᠥᠯᠬᠦᠮ ᠤᠨ ᠵᠠᠭᠤᠴᠢᠯᠠᠭᠤᠷ ᠤᠨ ᠨᠡᠭᠡᠭᠡᠯᠲᠡᠲᠦ ᠡᠳᠦᠷ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠠᠮᠢ ᠠᠬᠤᠶ ᠶᠢᠨ ᠠᠰᠠᠭᠤᠳᠠᠯ ᠭᠠᠳᠠᠭᠠᠳᠤ ᠶᠢᠨ ᠬᠢᠨ ᠤ ᠠᠩᠬᠠᠷᠤᠯ ᠢ ᠣᠨᠴᠠᠭᠠᠶ ᠲᠠᠲᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ ᠲᠩᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠪᠣᠬᠢᠷᠲᠤᠯ ᠪᠣᠯᠤᠨ ᠬᠥᠯᠥᠨ ᠨᠠᠭᠤᠷ ᠢ ᠵᠠᠰᠠᠬᠤ ᠬᠠᠯᠠᠮᠰᠢᠯ ᠴᠢᠭ᠋ ᠤᠨ ᠠᠰᠠᠭᠤᠳᠠᠯ ᠳᠤ ᠬᠠᠨᠳᠤᠭᠤᠯᠤᠨ᠂  ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠢᠢᠳᠪᠦᠷᠢᠯᠡᠭᠰᠡᠨ ᠪᠠᠶᠢᠳᠠᠯ ᠢ ᠲᠠᠨᠢᠯᠴᠠᠭᠤᠯᠤᠭᠰᠠᠨ ᠤ ᠳᠠᠷᠠᠭ᠎ᠠ᠂  ᠲᠡᠷᠡ ᠥᠪᠥᠷ ᠮᠣᠩᠭᠤᠯ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ  ᠲᠠᠯ᠎ᠠ  ᠪᠠᠷ  ᠥᠷᠨᠢᠭᠦᠯᠵᠦ ᠪᠠᠶᠢᠭ᠎ᠠ ᠠᠵᠢᠯ ᠢ ᠭᠤᠣᠯᠳᠠᠯᠭ᠎ᠠ ᠲᠠᠢ ᠶᠠᠷᠢᠵᠠᠢ᠃      ᠲᠡᠷᠡ ᠬᠡᠯᠡᠭᠰᠡᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠶᠢᠨ ︽ᠴᠡᠩᠬᠡᠭ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠬᠠᠶᠢᠷᠬᠠᠨ ᠮᠥᠨ︾ ᠭᠡᠰᠡᠨ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ︽ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠣᠯᠭᠠᠨ ᠪᠥᠲᠦᠭᠡᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠳᠠᠯ ᠢ ᠠᠬᠢᠭᠤᠯᠤᠨ᠂ ᠶᠡᠷᠦᠩᠬᠡᠶ ᠴᠣᠭᠴᠠ ᠠᠴᠠ ᠬᠤᠷᠢᠭᠯᠠᠬᠤ᠂ ᠬᠡᠰᠡᠭ ᠲᠠᠯ᠎ᠠ ᠪᠠᠷ ᠰᠠᠶᠢᠵᠢᠷᠠᠭᠤᠯᠬᠤ ᠶᠢ ᠪᠡᠶᠡᠯᠡᠭᠦᠯᠵᠦ᠂ ᠦᠵᠡᠰᠬᠦᠯᠡᠭᠳᠦ ᠰᠠᠶᠢᠬᠠᠨ ᠥᠪᠥᠷ ᠮᠣᠩᠭᠤᠯ ᠤᠨ ᠪᠦᠳᠦᠬᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠶ᠃ ︽12.5︾᠎ ᠶᠢᠨ ᠬᠤᠭᠤᠴᠠᠭᠠᠨ ᠳᠤ ᠨᠡᠶᠢᠳᠡ 546 ᠳ᠋ᠥᠡᠭᠰᠢᠭᠤᠷ ᠲᠥᠭᠦᠷᠢᠭ ᠣᠷᠤᠭᠤᠯᠤᠨ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠡᠷᠭᠡ ᠲᠠᠪᠤᠨ ᠶᠡᠭᠡ ᠠᠮᠢ ᠠᠬᠤᠶ ᠶᠢᠨ ᠢᠨᠵᠧᠨᠧᠷᠢᠩ ᠪᠣᠯᠣᠨ ᠵᠠᠰᠠᠮᠠᠯ ᠵᠠᠮ᠂ ᠠᠶᠢᠯ ᠲᠣᠰᠬᠤᠨ᠂ ᠦᠢᠯᠡᠳᠪᠦᠷᠢ ᠠᠭᠤᠷᠬᠠᠶ ᠶᠢᠨ ᠬᠦᠷᠢᠶᠡᠯᠡᠩ ᠲᠣᠭᠤᠷᠢᠭ ᠵᠡᠷᠭᠡ ᠵᠢᠷᠭᠤᠭᠠᠨ ᠶᠡᠭᠡ ᠣᠷᠣᠨ ᠪᠦᠰᠡ ᠶᠢᠨ ᠴᠢᠨᠠᠷᠲᠠᠶ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠯᠤᠰ ᠠᠴᠠ ᠨᠡᠶᠢᠲᠡᠯᠡᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢ ᠢᠳᠡᠪᠬᠢᠯᠡᠨ ᠣᠯᠵᠤ᠂ 10.1 ᠳ᠋ᠥᠡᠭᠰᠢᠭᠤᠷ ᠮᠤ᠋ ᠠᠰᠢᠭᠯᠠᠵᠤ ᠪᠣᠯᠬᠤᠶᠢᠴᠠ ᠨᠤᠲᠤᠭ ᠪᠡᠯᠴᠢᠭᠡᠷ ᠢ ᠴᠦᠮ ᠬᠠᠮᠠᠭᠠᠯᠠᠬᠤ ᠬᠡᠪᠴᠢᠶᠡᠨ ᠳᠤ ᠣᠷᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ 300 ᠳ᠋ᠦᠩᠰᠢᠭᠤᠷ ᠲᠥᠭᠦᠷᠢᠭ ᠣᠷᠤᠭᠤᠯᠵᠤ᠂ 146 ᠲᠦᠮᠡᠨ ᠡᠷᠦᠬᠡ᠂ 534 ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠪᠡ᠃ ᠤᠢ ᠰᠢᠭᠤᠶ ᠶᠢᠨ ᠲᠡᠯᠡᠪᠡᠢ 3.6 ᠳ᠋ᠥᠡᠭᠰᠢᠭᠤᠷ ᠮᠤ᠋ ᠪᠠᠶᠢᠭᠰᠠᠨ ᠠᠴᠠ ᠪᠠᠨ ᠨᠢ 3.8 ᠳ᠋ᠥᠡᠭᠰᠢᠭᠤᠷ ᠮᠤ᠋ ᠬᠦᠷᠲᠡᠯ᠎ᠡ ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ 37% ᠪᠠᠶᠢᠭᠰᠠᠨ ᠠᠴᠠ ᠨᠢ 44% ᠬᠦᠷᠲᠡᠯ᠎ᠡ ᠳᠡᠭᠡᠭᠰᠢᠯᠡᠭᠦᠯᠵᠦ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ ᠭᠡᠵᠡᠢ᠃      ᠪᠠᠭᠠᠲᠤᠷ ᠬᠡᠯᠡᠭᠰᠡᠨ ᠨᠢ᠂ ︽13 · 5︾᠎ ᠶᠢᠨ ᠬᠤᠭᠤᠴᠠᠭᠠᠨ ᠳᠤ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶ᠎ᠡ ᠪᠣᠯᠣᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠤᠯᠤᠰ ᠤᠨ ᠨᠤᠲᠤᠭ ᠣᠰᠣ ᠶᠢ ᠨᠣᠭᠤᠭᠠᠷᠠᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠦᠨ᠂ ᠭᠠᠵᠠᠷ ᠣᠷᠣᠨ ᠠᠯᠤᠰᠯᠠᠭᠰᠠᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠬᠦ ᠲᠤᠷᠰᠢᠯᠲᠠ ᠶᠢ ᠥᠷᠨᠢᠭᠦᠯᠬᠦ ᠪᠣᠯᠣᠨ᠎ᠠ᠃ ᠥᠪᠥᠷ ᠮᠣᠩᠭᠤᠯ ᠡᠳᠡᠭᠡᠷ ᠠᠵᠠ ᠲᠣᠬᠢᠶᠠᠯ ᠢ ᠠᠳᠬᠤᠵᠤ᠂ ᠪᠣᠬᠢᠷᠲᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠮᠢ ᠠᠬᠤᠶ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠨᠡ ᠵᠢᠯ ᠤᠢ ᠰᠢᠭᠤᠶ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ 1000 ᠲᠦᠮᠡᠨ ᠮᠣ᠋᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 200 ᠲᠦᠮᠡᠨ ᠮᠦ᠂ ᠲᠠᠷᠢᠬᠤ ᠡᠪᠡᠰᠦ ᠶᠢ 3000 ᠲᠦᠮᠡᠨ ᠮᠦ ᠪᠡᠶᠡᠯᠡᠭᠦᠯᠵᠦ᠂ ᠬᠥᠯᠥᠨ ᠨᠠᠭᠤᠷ᠂ ᠤᠯᠠᠭᠠᠨ ᠰᠤᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠲᠠᠯ᠎ᠠ ᠪᠠᠷ᠂ ᠠᠭᠠᠷ ᠮᠠᠨᠳᠠᠯ ᠤᠨ ᠪᠣᠬᠢᠷᠲᠤᠯ ᠲᠠᠢ ᠣᠷᠣᠨ ᠪᠦᠰᠡ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠵᠤ᠂ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠦᠬᠠᠶ ᠪᠣᠯᠣᠨ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢ ᠪᠠᠷᠢᠮᠲᠠᠯᠠᠨ᠎ᠠ᠃ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ᠂ ᠠᠮᠢ ᠠᠬᠤᠶ ᠶᠢᠨ ᠬᠤᠷᠢᠭ᠎ᠠ ᠱᠤᠭᠤᠮ ᠢ ᠲᠥᠷᠭᠡᠨ ᠵᠠᠭᠠᠭᠯᠠᠨ ᠲᠣᠭᠲᠠᠭᠠᠵᠤ᠂ ᠤᠯᠤᠰ ᠤᠨ ᠥᠮᠴᠢᠯᠡᠯ ᠤᠨ ᠣᠢ ᠰᠢᠭᠤᠶ ᠶᠢᠨ ᠲᠠᠯᠠᠪᠠᠢ ᠣᠶᠢᠲᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠲᠦᠷᠭᠡᠨ ᠨᠠᠶᠢᠷᠠᠭᠤᠯᠵᠤ᠂ ᠬᠥᠯᠥᠨ ᠪᠤᠶᠢᠷ ᠵᠡᠷᠭᠡ ᠭᠠᠵᠠᠷ ᠣᠷᠣᠨ ᠳᠤ ᠲᠤᠰᠢᠶᠠᠯ ᠠᠴᠠ ᠪᠠᠨ ᠰᠠᠯᠬᠤ ᠠᠴᠠ ᠡᠮᠦᠨ᠎ᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦ᠋ᠷᠦᠩᠭᠡ ᠶᠢ ᠬᠢᠨᠠᠨ ᠪᠣᠳᠣᠬᠤ ᠶᠢ ᠥᠷᠨᠢᠭᠦᠯᠦᠨ᠎ᠡ᠃ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠳᠠᠭᠰᠢᠯᠠᠭᠤᠯᠬᠤ ᠥᠪᠡᠷ ᠤᠨ ᠦᠷᠲᠡᠭ ᠶᠢ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠰᠢᠬᠠᠵᠤ ᠪᠠᠶᠢᠭᠠᠳ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠨᠢ ᠪᠠᠭᠠᠰᠬᠠᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号