3 ᠳ᠋ᠤᠭᠠᠷ ᠰᠠᠷ᠎ᠠ ᠶᠢᠨ 7 ᠤ ᠡᠲᠤᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ | ᠬᠤᠶᠠᠲᠤᠭᠠᠷ ᠬᠤᠭᠤᠴᠠᠭᠠᠨ ᠤ ᠬᠤᠷᠢᠶ᠎ᠠ ᠶᠢᠨ ᠲᠦᠷᠪᠠᠲᠤᠬᠡᠷ ᠬᠤᠷᠠᠯ ᠳᠤ ᠤᠷᠤᠯᠴᠠᠵᠣ ᠪᠠᠶᠢᠭ᠎ᠠ ᠮᠠᠨ ᠤ ᠤᠷᠤᠨ ᠳᠤ | ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠦᠪᠠᠷ ᠦᠪᠠᠷ ᠤᠨ ᠡᠲᠠᠬᠡᠳ ᠢᠯᠭᠠᠯ | ᠤᠨ ᠲᠤᠭᠤᠢᠢᠯᠠᠩ ᠳᠠᠭᠠᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠤᠯᠤᠰ ᠠᠷᠠᠳ ᠤᠨ ᠠᠵᠤ | ᠠᠬᠤᠢ ᠪᠠ ᠨᠠᠶᠢᠬᠡᠮ ᠤᠨ ᠬᠦᠭᠵᠢᠯᠲᠠ ᠶᠢᠨ ︽13.5︾ ᠶᠢᠨ ᠲᠦᠯᠦᠪᠵᠢᠬᠦᠯᠬᠡ ᠶᠢᠨ ᠬᠦᠲᠤᠯᠪᠤᠷᠢ ︵ᠲᠦᠰᠤᠯ︶ | ︾ ᠶᠢ ᠶᠠᠷᠢᠯᠴᠠᠵᠠᠢ᠃ | ᠦᠪᠠᠷᠲᠠᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠸᠠ ᠶᠠ ᠫᠢᠡᠭ᠂ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠰᠤᠶᠤᠯ ᠲᠠᠤᠬᠡ ᠪᠠ ᠰᠤᠷᠤᠯᠴᠠᠯᠭ᠎ᠠ ᠶᠢᠨ ᠵᠦᠪᠯᠡᠯ ᠤᠨ | ᠲᠡᠳ᠋ ᠡᠷᠬᠢᠯᠡᠭᠴᠢ ᠴᠸᠠ ᠭᠤᠸᠠᠩ ᠯᠢᠨ ᠶᠠᠷᠢᠯᠴᠠᠬᠤ ᠳᠤ ᠤᠷᠤᠯᠴᠠᠪᠠ᠃ ᠦᠪᠠᠷᠲᠠᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠨᠢᠬᠡᠲᠤᠮᠠᠯ ᠹᠷᠤᠨᠲ ᠤᠨ ᠬᠡᠯᠲᠠᠰ ᠤᠨ ᠲᠠᠷᠤᠭ᠎ᠠ ᠪᠦ᠋ ᠰᠢᠶᠤᠤ ᠯᠢᠨ | ᠶᠠᠷᠢᠯᠴᠠᠬᠤ ᠳᠤ ᠰᠤᠯᠠ ᠤᠷᠤᠯᠴᠠᠪᠠ᠃ ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠯᠢᠤ ᠰᠢᠨ ᠯᠧ᠂ | ᠦᠪᠠᠷᠲᠠᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠠᠳ᠋ ᠲᠠᠷᠢᠬᠦᠯᠡᠭᠴᠢ ᠳ᠋ᠦᠡᠭ ᠾᠸᠡᠭ ᠢᠤᠢ᠂ | ᠵᠸᠡᠭ ᠹᠦ᠋ ᠲᠢᠶᠠᠨ᠂ ᠨᠢᠤ ᠭᠤᠸᠠᠩ ᠮᠢᠩ᠂ ᠴᠸᠠ ᠢᠤᠢ ᠨᠠᠷ ᠶᠠᠷᠢᠯᠴᠠᠬᠤ ᠳᠤ ᠤᠷᠤᠯᠴᠠᠵᠠᠢ᠃ | ᠶᠠᠷᠢᠯᠴᠠᠬᠤ ᠲᠤᠮᠲᠠ᠂ ᠬᠡᠰᠢᠬᠦᠳ ᠦᠪᠠᠷ ᠦᠪᠠᠷ ᠤᠨ ᠠᠵᠢᠯ ᠤᠨ ᠪᠤᠲᠠᠲᠤ ᠪᠠᠶᠢᠲᠠᠯ ᠲᠠᠢ ᠪᠠᠨ | ᠤᠶᠠᠯᠲᠤᠭᠤᠯᠤᠨ ᠰᠠᠨᠠᠯ ᠰᠠᠨᠠᠭᠤᠯᠭ᠎ᠠ ᠲᠤᠷᠠᠳᠴᠤ᠂ ᠠᠷᠭ᠎ᠠ ᠪᠤᠲᠤᠯᠭ᠎ᠠ ᠳᠡᠪᠰᠢᠭᠦᠯᠤᠨ ᠠᠷᠭ᠎ᠠ ᠤᠬᠠᠭᠠᠨ ᠭᠠᠷᠭᠠᠵᠠᠢ᠃ | ᠲᠠᠲᠠᠨ ᠤ ᠦᠵᠡᠬᠦ ᠪᠠᠷ᠂ ︽13.5︾ ᠶᠢᠨ ᠲᠦᠯᠦᠪᠵᠢᠬᠦᠯᠬᠡ ᠶᠢᠨ ᠬᠦᠲᠤᠯᠪᠤᠷᠢ ︵ᠲᠦᠰᠤᠯ︶ ᠴᠢᠨᠡᠬᠡᠯᠢᠭ | ᠨᠠᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢᠨ ᠲᠤᠭᠤᠷᠢᠨ ᠳᠤ ᠰᠢᠨ᠎ᠠ ᠶᠢ ᠡᠬᠦᠳᠬᠦ᠂ ᠵᠣᠬᠢᠴᠠᠭᠤᠯᠬᠤ᠂ | ᠪᠤᠬᠢᠷᠲᠤᠯ ᠦᠬᠡᠢ ᠪᠠᠶᠢᠯᠭᠠᠬᠤ᠂ ᠨᠡᠭᠡᠭᠡᠯᠲᠡ ᠬᠢᠬᠦ᠂ ᠬᠠᠮᠲᠤᠪᠠᠷ ᠡᠳ᠋ᠯᠡᠬᠦ ᠬᠦᠭᠵᠢᠯᠲᠠ ᠶᠢᠨ ᠣᠨᠣᠯᠵᠢᠬᠤᠨ ᠪᠠ ᠲᠦᠪ | ᠤᠨ ᠪᠠᠶᠢᠷᠢᠯᠠᠭᠤᠯᠤᠯᠲᠠ ᠶᠢᠨ ᠱᠠᠭᠠᠷᠲᠠᠯᠭ᠎ᠠ ᠶᠢ ᠬᠢᠨᠠᠮᠠᠭᠠᠢ ᠳᠣᠣᠱᠯᠠᠭᠤᠯᠵᠣ᠂ ᠦᠨᠳᠦᠷ ᠲᠤ ᠵᠣᠭᠰᠣᠨ ᠠᠯᠣᠰ ᠢ | ᠪᠠᠷᠠᠯᠠᠵᠣ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠬᠠᠷᠠᠯᠲᠠ ᠡᠬᠦᠷᠬᠡ ᠰᠢᠨᠵᠢᠯᠡᠬᠦ ᠤᠬᠠᠭᠠᠨᠴᠢ ᠪᠦᠬᠡᠳ | ᠵᠦᠢ ᠵᠤᠬᠢᠰᠲᠠᠢ᠂ ᠠᠵᠢᠯ ᠤᠨ ᠠᠷᠭ᠎ᠠ ᠬᠡᠮᠵᠢᠶ᠎ᠠ ᠢᠳᠡᠪᠬᠢᠲᠠᠢ ᠮᠦᠷᠳᠡᠭᠡᠨ ᠪᠤᠲᠠᠲᠠᠢ ᠶᠢ ᠡᠷᠬᠢᠮᠯᠡᠵᠦ᠂ ᠬᠤᠶᠢᠰᠢᠲᠠ | ᠶᠢᠨ ᠲᠠᠪᠤᠨ ᠵᠢᠯ ᠤᠨ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠲᠠ ᠶᠢᠨ ᠠᠤᠭ᠎ᠠ ᠵᠢᠷᠤᠭ | ᠲᠦᠯᠦᠪᠯᠡᠯᠬᠡ ᠪᠣᠯᠬᠤ ᠪᠠᠷ ᠪᠠᠷᠠᠬᠤ ᠦᠭᠡᠢ ᠪᠠᠰᠠ ᠪᠦᠬᠦ ᠤᠯᠤᠰ ᠤᠨ ᠠᠷᠠᠳ ᠲᠦᠮᠠᠨ ᠤ ᠬᠠᠮᠲᠤᠪᠠᠷ ᠲᠠᠮᠠᠴᠡᠬᠦ | ᠠᠵᠢᠯᠯᠠᠭ᠎ᠠ ᠶᠢᠨ ᠬᠦᠲᠤᠯᠪᠤᠷᠢ ᠪᠤᠯᠣᠨ᠎ᠠ ᠬᠡᠪᠠ᠃ | ᠬᠡᠰᠢᠬᠦᠳ ᠢᠯᠠᠳᠬᠡᠭᠰᠡᠨ ᠨᠢ᠂ 2016 ᠤᠨ ᠪᠤᠯ ᠴᠢᠨᠡᠬᠡᠯᠢᠭ ᠨᠠᠶᠢᠬᠡᠮ ᠢ ᠪᠦᠬᠦ ᠳᠠᠯ᠎ᠠ ᠪᠠᠷ ᠪᠡᠶᠡᠯᠡᠭᠦᠯᠬᠦ | ᠰᠢᠢᠳᠪᠦᠷᠢᠳᠦ ᠱᠠᠲᠤᠨ ᠤ ᠡᠬᠢᠯᠠᠯᠲᠠ ᠶᠢᠨ ᠵᠢᠯ᠂ ᠪᠠᠰᠠᠴᠦ ᠪᠦᠲᠦᠴᠠ ᠶᠢᠨ ᠴᠢᠨᠠᠷᠲᠠᠢ ᠦᠬᠡᠷᠠᠴᠢᠯᠠᠯᠲᠠ ᠶᠢ | ᠠᠬᠢᠭᠤᠯᠬᠤ ᠪᠣᠭᠤᠮᠳᠠ ᠰᠢᠪᠳᠣᠯᠬᠤ ᠵᠢᠯ ᠪᠤᠯᠤᠨ᠎ᠠ᠃ ᠶᠠᠷᠦᠩᠬᠡᠢ ᠱᠦᠵᠢ ᠰᠢ ᠶᠢᠨ ᠫᠢᠡᠭ ᠤᠨ ᠴᠢᠬᠤᠯᠠ | ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠣ᠂ ᠤᠯᠤᠰ ᠲᠦᠷᠦ ᠶᠢᠨ | ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ | ᠲᠠᠬᠡᠭᠰᠢᠯᠡᠬᠦᠯᠦᠨ ᠲᠦᠪ ᠤᠨ ᠱᠠᠭᠠᠷᠲᠠᠯᠭ᠎ᠠ ᠪᠠ ᠵᠠᠰᠠᠭ ᠤᠨ ᠤᠷᠲᠤᠨ ᠤ ᠠᠵᠢᠯ ᠤᠨ ᠢᠯᠡᠳᠬᠡᠯ ᠤᠨ ᠡᠯ᠎ᠠ ᠵᠦᠢᠯ | ᠤᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠰᠢᠨ᠎ᠠ ᠶᠢ ᠡᠬᠦᠳᠬᠦ᠂ | ᠵᠣᠬᠢᠴᠠᠭᠤᠯᠬᠤ᠂ ᠪᠤᠬᠢᠷᠲᠤᠯ ᠦᠬᠡᠢ ᠪᠠᠶᠢᠯᠭᠠᠬᠤ᠂ ᠨᠡᠭᠡᠭᠡᠯᠲᠡ ᠬᠢᠬᠦ᠂ ᠬᠠᠮᠲᠤᠪᠠᠷ ᠡᠳ᠋ᠯᠡᠬᠦ ᠬᠦᠭᠵᠢᠯᠲᠠ ᠶᠢᠨ | ᠣᠨᠣᠯᠵᠢᠬᠤᠨ ᠢᠶᠠᠷ ᠬᠦᠭᠵᠢᠯᠲᠠ ᠶᠢ ᠬᠦᠲᠤᠯᠤᠨ ᠲᠠᠭᠠᠭᠤᠯᠵᠤ᠂ ᠠᠵᠤ ᠠᠬᠤᠢ ᠶᠢᠨ ᠡᠷᠠᠬᠦᠯ ᠲᠤᠭᠲᠠᠭᠤᠨ ᠢᠶᠠᠷ | ᠬᠦᠭᠵᠢᠬᠦ ᠪᠠ ᠨᠠᠶᠢᠬᠡᠮ ᠤᠨ ᠡᠶ᠎ᠡ ᠵᠤᠬᠢᠴᠠᠩᠭᠤᠢ ᠲᠤᠭᠲᠠᠭᠤᠨ ᠢ ᠠᠬᠢᠭᠤᠯᠵᠣ᠂ ︽13.5︾ ᠶᠢᠨ | ᠲᠥᠯᠥᠪᠵᠢᠭᠦᠯᠭᠡ ᠶᠢᠨ ᠠᠵᠤ ᠠᠬᠤᠢ ᠨᠠᠶᠢᠬᠡᠮ ᠤᠨ ᠬᠦᠭᠵᠢᠯᠲᠠ ᠶᠢ ᠰᠠᠶᠢᠬᠠᠨ ᠡᠬᠢᠯᠠᠬᠦᠯᠬᠦ ᠪᠠᠷ ᠴᠢᠷᠮᠠᠶᠢᠨ᠎ᠠ᠃ | ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠲᠠᠯ ᠳᠤ ᠵᠣᠬᠢᠴᠠᠨ ᠢᠳᠡᠪᠬᠢᠳᠠᠢ ᠪᠠᠷ ᠬᠦᠲᠤᠯᠤᠨ | ᠲᠠᠭᠠᠭᠤᠯᠵᠣ᠂ ᠬᠦᠭᠵᠢᠯᠲᠠ ᠶᠢᠨ ᠶᠠᠰᠤ ᠴᠢᠨᠠᠷ ᠪᠠ ᠦᠷ᠎ᠠ ᠠᠰᠢᠭ ᠢ ᠳᠡᠭᠡᠭᠰᠢᠯᠡᠭᠦᠯᠬᠦ ᠪᠠᠷ ᠭᠤᠤᠯ ᠪᠤᠯᠭᠠᠨ | ᠬᠠᠨᠭ᠍ᠭᠠᠯᠭ᠎ᠠ ᠶᠢᠨ ᠳᠠᠯ᠎ᠠ ᠶᠢᠨ ᠪᠦᠲᠦᠴᠠ ᠶᠢᠨ ᠴᠢᠨᠠᠷᠲᠠᠢ ᠦᠬᠡᠷᠠᠴᠢᠯᠠᠯᠲᠠ ᠪᠠᠷ ᠭᠤᠤᠯ ᠰᠢᠵᠢᠮ ᠪᠤᠯᠭᠠᠵᠤ᠂ ᠠᠵᠤ | ᠠᠬᠤᠢ ᠶᠢᠨ ᠪᠦᠲᠦᠬᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ | ᠨᠠᠶᠢᠬᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ | ᠨᠢᠬᠡᠲᠤᠯᠲᠠᠢ ᠲᠦᠯᠦᠪᠵᠢᠬᠦᠯᠤᠨ ᠠᠬᠢᠭᠤᠯᠵᠣ᠂ ︽13.5︾ ᠶᠢᠨ ᠲᠦᠯᠦᠪᠵᠢᠬᠦᠯᠬᠡ ᠶᠢᠨ ᠬᠦᠲᠤᠯᠪᠤᠷᠢ ᠪᠠ ᠵᠠᠰᠠᠭ | ᠤᠨ ᠤᠷᠲᠤᠨ ᠤ ᠠᠵᠢᠯ ᠤᠨ ᠢᠯᠡᠳᠬᠡᠯ ᠳᠤ ᠲᠤᠭᠲᠠᠭᠠᠭᠰᠠᠨ ᠬᠠᠷᠠᠯᠲᠠ ᠡᠬᠦᠷᠬᠡ ᠶᠢᠨ ᠲᠤᠭᠤᠷᠢᠨ ᠳᠤ ᠲᠠᠪᠠᠭᠤᠯᠢᠭ | ᠢᠶᠠᠨ ᠪᠠᠲᠠᠷᠠᠭᠤᠯᠤᠨ ᠳᠣᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠤ᠂ ᠠᠷᠭ᠎ᠠ ᠣᠬᠠᠭᠠᠨ ᠭᠠᠷᠭᠠᠨ ᠠᠷᠭ᠎ᠠ | ᠪᠤᠲᠤᠯᠭ᠎ᠠ ᠪᠠᠨ ᠳᠡᠪᠰᠢᠭᠦᠯᠦᠨ᠎ᠡ ᠬᠡᠪᠠ᠃ |