ᠥᠪᠥᠷ ᠮᠣᠩᠭᠤᠯ ᠳᠡᠭᠡᠳᠦ ᠰᠤᠷᠭᠠᠭᠤᠯᠢ ᠨᠤᠭᠤᠳ ᠲᠤ ᠰᠢᠯᠭᠠᠭᠤᠯᠬᠤ ᠨᠡᠭᠦᠳᠡᠯᠴᠢᠳ ᠢ ᠴᠡᠭᠴᠡᠯᠡᠨ ᠵᠠᠰᠠᠵᠤ ᠪᠣᠢ
ᠨᠡᠶᠢᠲᠡᠯᠡᠭᠰᠡᠨ ᠴᠠᠭ᠄
2016/3/8
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ︽︿ᠳᠡᠭᠡᠳᠦ ᠰᠤᠷᠭᠠᠭᠤᠯᠢ ᠨᠤᠭᠤᠳ ᠲᠤ ᠰᠢᠯᠭᠠᠭᠤᠯᠬᠤ ᠨᠡᠭᠦᠳᠡᠯᠴᠢᠳ﹀᠎ ᠢ ᠪᠦᠬᠦ ᠲᠠᠯ᠎ᠠ ᠪᠠᠷ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠲᠠᠷᠬᠠᠭᠠᠵᠤ᠂ ︽ᠳᠡᠭᠡᠳᠦ ᠰᠤᠷᠭᠠᠭᠤᠯᠢ ᠨᠤᠭᠤᠳ ᠲᠤ ᠰᠢᠯᠭᠠᠭᠤᠯᠬᠤ ᠨᠡᠭᠦᠳᠡᠯᠴᠢᠳ︾ ᠢᠷᠡᠬᠦ ᠭᠤᠣᠯ ᠮᠤᠵᠢ ᠶᠢᠨ ᠨᠢᠭᠡ ᠪᠣᠯᠣᠭᠰᠠᠨ ᠤ ᠬᠤᠪᠢ ᠳᠤ᠂ ᠥᠪᠥᠷ ᠮᠣᠩᠭᠤᠯ ᠵᠥᠪᠬᠡᠨ 2015 ᠣᠨ ᠳᠤ 1517 ᠬᠥᠮᠦᠨ ᠢ ᠪᠠᠶᠢᠴᠠᠭᠠᠨ ᠰᠢᠢᠳᠪᠦᠷᠢᠯᠡᠪᠡ︔ ᠰᠦᠯᠵᠢᠶᠡᠨ ᠳᠡᠭᠡᠷᠡᠬᠢ ᠢᠯᠡᠴᠢᠯᠡᠨ ᠮᠡᠳᠡᠭᠦᠯᠦᠯᠲᠡ ᠶᠢ ᠨᠡᠶᠢᠲᠡ 4735 ᠬᠥᠮᠦᠨ ᠤᠳᠠᠭ᠎ᠠ ᠬᠦᠯᠢᠶᠡᠨ ᠠᠪᠴᠤ᠂ ᠢᠯᠡᠴᠢᠯᠡᠨ ᠮᠡᠳᠡᠭᠦᠯᠦᠯᠲᠡ ᠳᠤ ᠬᠤᠯᠪᠣᠭᠳᠠᠭᠰᠠᠨ ᠰᠢᠯᠭᠠᠭᠤᠯᠤᠭᠴᠢ 2556 ᠬᠥᠮᠦᠨ ᠤᠳᠠᠭ᠎ᠠ ᠪᠠᠶᠢᠪᠠ︔ ᠲᠡᠷᠡᠴᠢᠯᠡᠨ 300 ᠭᠠᠷᠤᠶ ᠰᠢᠯᠭᠠᠭᠤᠯᠤᠭᠴᠢ ᠶᠢᠨ ᠨᠤᠲᠤᠭ ᠲᠠᠭᠠᠨ ᠨᠡᠷ᠎ᠡ ᠮᠡᠳᠡᠭᠦᠯᠬᠦ ᠪᠠᠷ ᠬᠠᠷᠢᠬᠤ ᠳᠤᠨᠢ ᠬᠠᠪᠰᠤᠷᠤᠯᠭ᠎ᠠ ᠬᠠᠩᠭᠠᠪᠠ᠂ 2016 ᠣᠨ ᠤ 2 ᠳ᠋ᠤᠭᠠᠷ ᠰᠠᠷ᠎ᠠ ᠶᠢᠨ ᠰᠡᠭᠦᠯᠴᠢ ᠪᠠᠷ᠂ ᠬᠠᠮᠢᠶ᠎ᠠ ᠪᠥᠬᠦᠢ ᠮᠣᠵᠢ ᠶᠢ ᠲᠠᠬᠢᠨ ᠨᠢᠭᠡ ᠤᠳᠠᠭ᠎ᠠ ᠵᠣᠬᠢᠴᠠᠭᠤᠯᠵᠤ 39 ᠰᠢᠯᠭᠠᠭᠤᠯᠤᠭᠴᠢ ᠶᠢᠨ ᠨᠤᠲᠤᠭ ᠲᠠᠭᠠᠨ ᠨᠡᠷ᠎ᠡ ᠮᠡᠳᠡᠭᠦᠯᠬᠦ ᠪᠠᠷ ᠬᠠᠷᠢᠬᠤ ᠳᠤᠨᠢ ᠬᠠᠪᠰᠤᠷᠤᠯᠭ᠎ᠠ ᠬᠠᠩᠭᠠᠪᠠ᠃ ᠡᠨᠡ ᠲᠤᠬᠠᠢ᠂ ᠰᠤᠷᠪᠤᠯᠵᠢᠯᠠᠭᠴᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠬᠠᠷᠢᠭᠤᠴᠠᠯᠭᠠᠲᠠᠨ ᠢ ᠰᠤᠷᠪᠤᠯᠵᠢᠯᠠᠪᠠ᠃      ᠡᠨᠡᠬᠦ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠳ ᠢ ᠡᠬᠢ ᠡᠭᠦᠰᠦᠯ ᠠᠴᠠ ᠭᠠᠷᠳᠠᠵᠥ ᠢᠳᠬᠠᠨ ᠬᠤᠷᠢᠭᠯᠠᠨ᠂ ᠡᠬᠢ ᠦᠨᠳᠦᠰᠦ ᠶᠢ ᠬᠠᠮᠲᠤ ᠳᠤ ᠨᠢ ᠵᠠᠰᠠᠬᠤ ᠶᠢ ᠤᠶᠠᠯᠳᠤᠭᠤᠯᠤᠭᠰᠠᠨ ᠵᠠᠮ ᠢ ᠡᠷᠢᠪᠡ᠃ 2013 ᠣᠨ ᠳᠤ᠂ ᠥᠪᠡᠷᠲᠡᠭᠡᠨ ᠵᠠᠰᠠᠬᠤ ᠣᠷᠣᠨ ︽ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠵᠦ ᠢᠷᠡᠭᠰᠡᠨ ᠦᠷ᠎ᠡ ᠬᠡᠦᠬᠡᠳ ᠨᠢ ᠮᠠᠨ ᠤ ᠣᠷᠣᠨ ᠳᠤ ᠥᠨᠳᠥᠷ ᠳᠤᠮᠳᠠᠳᠤ ᠶᠢᠨ ᠰᠢᠯᠭᠠᠯᠲᠠ ᠪᠠ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ ᠠᠵᠢᠯ ᠤᠨ ᠲᠤᠬᠠᠶ ᠰᠠᠨᠠᠯ︾᠎ ᠢ ᠨᠡᠶᠢᠲᠡᠯᠡᠵᠦ᠂ ᠣᠷᠣᠨ ᠤ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠵᠦ ᠢᠷᠡᠭᠰᠡᠨ ᠦᠷ᠎ᠡ ᠬᠡᠦᠬᠡᠳ ᠨᠢ ᠮᠠᠨ ᠤ ᠣᠷᠣᠨ ᠳᠤ ᠥᠨᠳᠥᠷ ᠳᠤᠮᠳᠠᠳᠤ ᠶᠢᠨ ᠰᠢᠯᠭᠠᠯᠲᠠ ᠪᠣᠯᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ ᠲᠤᠬᠠᠶ ᠲᠣᠬᠢᠷᠠᠭᠤᠯᠤᠯᠲᠠ ᠬᠢᠵᠡᠶ᠂ ᠡᠭᠦᠨ ᠤ ᠬᠠᠮᠲᠤ ︽ᠳᠡᠭᠡᠳᠦ ᠰᠤᠷᠭᠠᠭᠤᠯᠢ ᠨᠤᠭᠤᠳ ᠲᠤ ᠰᠢᠯᠭᠠᠭᠤᠯᠬᠤ ᠨᠡᠭᠦᠳᠡᠯᠴᠢᠳ︾᠎ ᠢ ᠰᠡᠷᠭᠡᠶᠢᠯᠡᠬᠦ ᠪᠠ ᠴᠣᠬᠢᠯᠲᠠ ᠥᠭᠬᠦ ᠱᠠᠭᠠᠷᠳᠠᠯᠭ᠎ᠠ ᠳᠤᠷᠠᠳᠴᠠᠶ᠃ ᠳᠡᠭᠡᠳᠦ ᠰᠤᠷᠭᠠᠭᠤᠯᠢ ᠨᠤᠭᠤᠳ ᠲᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠤᠨ ᠪᠣᠭᠤᠮᠲᠠ ᠶᠢ ᠡᠮᠦᠨᠡᠰᠢᠯᠡᠭᠦᠯᠵᠦ᠂ ᠭᠤᠣᠯᠳᠠᠯᠭ᠎ᠠ ᠲᠠᠢ ᠬᠥᠮᠦᠰ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠡᠯ᠎ᠡ ᠣᠨ ᠤ ᠰᠤᠷᠤᠯᠭ᠎ᠠ ᠶᠢᠨ ᠨᠠᠮᠲᠠᠷ ᠰᠤᠷᠭᠠᠭᠤᠯᠢ ᠶᠢᠨ ᠬᠠᠷᠢᠶ᠎ᠠ ᠪᠠ ᠪᠣᠳᠠᠲᠠᠶ ᠰᠤᠷᠤᠯᠴᠠᠵᠤ ᠪᠠᠶᠢᠭ᠎ᠠ ᠪᠠᠶᠢᠳᠠᠯ ᠢ ᠵᠠᠯᠭᠠᠪᠠᠷ ᠬᠢᠨᠠᠨ ᠬᠠᠷᠭᠤᠭᠤᠯᠪᠠ᠃ ᠡᠷᠦᠬᠡ ᠠᠮᠠ ᠨᠢ ᠮᠤᠵᠢ ᠠᠯᠤᠰᠯᠠᠨ ᠰᠢᠯᠵᠢᠭᠰᠡᠨ ᠰᠢᠯᠭᠠᠭᠤᠯᠤᠭᠰᠠᠳ ᠤᠨ ᠭᠡᠷᠡᠴᠢ ᠮᠠᠲ᠋ᠧᠷᠢᠶᠠᠯ᠂ ᠭᠡᠷ ᠤᠨ ᠠᠬᠠᠮᠠᠳ ᠤᠨ ᠠᠵᠢᠯ ᠡᠷᠬᠢᠯᠡᠭᠰᠡᠨ ᠥᠩᠭᠡᠷᠡᠯᠲᠡ ᠵᠡᠷᠭᠡ ᠬᠤᠯᠪᠣᠭᠳᠠᠯ ᠪᠦᠬᠦᠢ ᠭᠡᠷᠡᠴᠢ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠪᠠ︔ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠵᠦ ᠢᠷᠡᠭᠰᠡᠨ ᠦᠷ᠎ᠡ ᠬᠡᠦᠬᠡᠳ ᠪᠣᠯ᠂ ᠰᠢᠯᠭᠠᠭᠤᠯᠤᠭᠴᠢ ᠶᠢᠨ ᠰᠤᠷᠤᠯᠭ᠎ᠠ ᠶᠢᠨ ᠬᠠᠷᠢᠶ᠎ᠠ᠂ ᠪᠣᠳᠠᠲᠠᠶ ᠰᠤᠷᠤᠯᠴᠠᠵᠤ ᠪᠠᠶᠢᠭ᠎ᠠ ᠪᠠᠶᠢᠳᠠᠯ ᠬᠢᠭᠡᠳ ᠭᠡᠷ ᠤᠨ ᠠᠬᠠᠮᠠᠳ ᠨᠢ ᠲᠣᠭᠲᠠᠪᠤᠷᠢ ᠲᠠᠢ ᠠᠵᠢᠯ ᠡᠷᠬᠢᠯᠡᠵᠦ ᠪᠠᠶᠢᠭ᠎ᠠ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠷ ᠬᠢᠨᠠᠨ  ᠪᠠᠶᠢᠴᠠᠭᠠᠪᠠ᠃      ᠥᠪᠥᠷ ᠮᠣᠩᠭᠤᠯ ᠤᠨ ᠪᠤᠰᠤ ᠪᠡᠶ᠎ᠡ ᠶᠢᠨ ᠦᠨᠡᠮᠯᠡᠯ ᠲᠠᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠡᠦᠬᠡᠳ ᠤᠨ ᠰᠤᠷᠤᠯᠭ᠎ᠠ ᠶᠢᠨ ᠬᠠᠷᠢᠶ᠎ᠠ ᠲᠠᠢ ᠠᠩᠭᠢ ᠳᠤᠨᠢ ᠣᠴᠢᠵᠤ ᠨᠡᠷ᠎ᠡ ᠪᠦᠷᠢᠳᠬᠡᠬᠦ ᠠᠵᠢᠯᠯᠠᠭ᠎ᠠ ᠶᠢ ᠤᠯᠠᠨ ᠤᠳᠠᠭ᠎ᠠ ᠥᠷᠨᠢᠭᠦᠯᠦᠨ᠂ 2015 ᠣᠨ ᠪᠣᠯᠬᠤ ᠳᠤ ᠨᠡᠶᠢᠳᠡ ᠲᠦᠮᠡᠨ ᠰᠢᠬᠠᠮ ᠬᠥᠮᠦᠨ ᠤᠳᠠᠭ᠎ᠠ ᠨᠡᠷ᠎ᠡ ᠪᠦᠷᠢᠳᠭᠡᠵᠡᠢ᠃ 2014 ᠣᠨ ᠤ ᠡᠴᠦᠰ ᠠᠴᠠ ᠡᠬᠢᠯᠡᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ᠂ ᠰᠡᠵᠢᠭ ᠲᠠᠢ ︽ᠳᠡᠭᠡᠳᠦ ᠰᠤᠷᠭᠠᠭᠤᠯᠢ ᠨᠤᠭᠤᠳ ᠲᠤ ᠰᠢᠯᠭᠠᠭᠤᠯᠬᠤ ᠨᠡᠭᠦᠳᠡᠯᠴᠢᠳ︾᠎ ᠤᠨ ᠡᠷᠦᠬᠡ ᠠᠮᠠ ᠶᠢᠨ ᠳᠠᠩᠰᠠᠨ ᠤ ᠪᠠᠶᠢᠳᠠᠯ ᠢ ᠪᠠᠶᠢᠴᠠᠭᠠᠵᠤ᠂ ᠪᠡᠶ᠎ᠡ ᠶᠢᠨ ᠦᠨᠡᠮᠯᠡᠯ ᠂ ᠬᠠᠤᠯᠢ ᠪᠤᠰᠤ ᠪᠠᠷ ᠬᠤᠪᠢᠷᠠᠭᠤᠯᠤᠭᠰᠠᠨ ᠪᠡᠶ᠎ᠡ ᠶᠢᠨ ᠦᠨᠡᠮᠯᠡᠯ᠂ ᠠᠷᠠᠳ ᠠᠴᠠ ᠡᠷᠬᠢᠯᠡᠭᠰᠡᠨ ᠳᠤᠮᠳᠠᠳᠤ ᠰᠤᠷᠭᠠᠭᠤᠯᠢ ᠪᠠ ᠬᠠᠤᠯᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠦᠢᠯᠡ ᠠᠵᠢᠯᠯᠠᠭ᠎ᠠ ᠶᠢ ᠬᠡᠷᠡᠭ ᠪᠣᠯᠭᠠᠨ ᠪᠠᠶᠢᠴᠠᠭᠠᠨ ᠰᠢᠢᠳᠪᠦᠷᠢᠯᠡᠬᠦ ᠪᠠᠷ ᠰᠠᠨᠠᠭᠤᠯᠪᠠ᠃ ᠵᠥᠪᠬᠡᠨ 2015 ᠣᠨ ᠤ ᠨᠢᠭᠡ ᠵᠢᠯ ᠳᠤ᠂ ᠰᠤᠷᠭᠠᠭᠤᠯᠢ ᠳᠤ ᠪᠠᠶᠢᠭ᠎ᠠ 300 ᠭᠠᠷᠤᠶ ᠰᠤᠷᠤᠭᠴᠢ ᠶᠢᠨ ᠡᠷᠦᠬᠡ ᠠᠮᠠ ᠶᠢᠨ ᠬᠤᠪᠢᠷᠠᠯᠲᠠ ᠶᠢᠨ ᠪᠠᠶᠢᠳᠠᠯ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠵᠥᠪᠳᠡᠯᠴᠡᠪᠡ᠃ ᠡᠨᠡᠬᠦ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭᠯᠠᠨ ᠵᠣᠬᠢᠶᠠᠬᠤ ᠪᠠ ᠬᠡᠢ ᠬᠤᠭᠤᠷᠰᠤᠨ ᠡᠷᠥᠬᠡ ᠶᠢᠨ ᠬᠠᠷᠢᠶᠠᠯᠠᠯ ᠣᠯᠭᠤᠬᠤ᠂ ᠣᠨᠴᠠ ᠵᠠᠷᠢᠮ ᠠᠯᠪᠠᠨ ᠲᠤᠰᠢᠶᠠᠯᠲᠠᠨ ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠪᠰᠤᠷᠤᠨ ᠦᠢᠯᠡᠳᠦᠭᠰᠡᠨ ᠪᠠᠶᠢᠪᠠᠯ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠳᠠᠷᠤᠭ᠎ᠠ ᠶᠢᠨ ᠬᠠᠷᠢᠭᠤᠴᠠᠯᠭ᠎ᠠ ᠎ ᠶᠢ ᠴᠢᠩᠭ᠎ᠠ ᠨᠡᠬᠡᠮᠵᠢᠯᠡᠬᠦ ᠬᠡᠷᠡᠭᠲᠡᠶ᠂ ᠡᠭᠦᠨ ᠤ ᠬᠠᠮᠲᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠦ ᠨᠡᠬᠡᠮᠵᠢᠯᠡᠨ᠎ᠡ︔ ᠬᠠᠭᠤᠷᠮᠠᠭ ᠡᠷᠦᠬᠡ ᠠᠮᠠ ᠶᠢᠨ ᠳᠠᠩᠰᠠ᠂ ᠬᠠᠭᠤᠷᠮᠠᠭ ᠪᠡᠶ᠎ᠡ ᠶᠢᠨ ᠦᠨᠡᠮᠯᠡᠯ ᠢ ᠵᠣᠬᠢᠶᠠᠭᠰᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠠᠵᠢᠯ ᠠᠴᠠ ᠨᠢ ᠬᠥᠭᠡᠭᠡᠬᠦ ᠶᠢᠨ ᠬᠠᠮᠲᠤ ᠬᠠᠮᠢᠶ᠎ᠠ ᠪᠥᠬᠦᠢ ᠤᠳᠤᠷᠢᠳᠤᠯᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠡᠷᠬᠡ ᠮᠥᠩᠭᠦᠨ ᠤ ᠵᠣᠯᠢᠶ᠎ᠠ ᠵᠡᠷᠭᠡ ᠶᠠᠯᠠᠲᠤ ᠦᠢᠯᠡ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠨ᠎ᠡ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号