ᠥᠪᠥᠷ ᠮᠣᠩᠭᠤᠯ ᠤᠯᠠᠭᠠᠨᠬᠠᠳᠠ ᠬᠤᠲᠠ ᠳᠤ ᠤᠢ ᠰᠢᠭᠤᠶ ᠶᠢᠨ ᠡᠬᠢ ᠪᠠᠶᠠᠯᠢᠭ ᠤᠨ ᠪᠡᠯᠡ ᠬᠦᠷᠦᠩᠭᠡ ᠶᠢᠨ | ᠥᠷᠢ ᠰᠢᠷᠢ ᠶᠢᠨ ᠬᠦᠰᠦᠨᠦᠭᠲᠦ ᠶᠢᠨ ᠲᠤᠷᠰᠢᠯᠲᠠ ᠶᠢᠨ ᠠᠵᠢᠯ ᠬᠢᠵᠦ᠂ ᠤᠢ ᠰᠢᠭᠤᠶ ᠶᠢᠨ ᠡᠬᠢ ᠪᠠᠶᠠᠯᠢᠭ ᠲᠤ ᠢᠯᠠ | ᠲᠣᠳᠣ ᠦᠨ᠎ᠡ ᠬᠠᠳᠠᠬᠤ ᠲᠤᠷᠰᠢᠯᠲᠠ ᠬᠢᠵᠦ᠂ ᠬᠠᠷᠠᠯᠲᠠ ᠶᠢᠨ ᠠᠬᠢᠴᠠ ᠤᠷᠤᠭᠰᠢᠲᠠᠶ ᠪᠠᠶᠢᠨ᠎ᠠ᠃ ᠲᠥᠯᠥᠪᠵᠢᠭᠦᠯᠭᠡ | ᠶᠣᠰᠣᠭᠠᠷ᠂ 2020 ᠣᠨ ᠳᠤ ᠥᠪᠥᠷ ᠮᠣᠩᠭᠤᠯ ᠤᠨ ᠪᠦᠬᠦ ᠨᠤᠲᠤᠭ ᠳᠡᠪᠢᠰᠬᠡᠷ ᠳᠡᠭᠡᠷᠡᠬᠢ ᠤᠢ ᠰᠢᠭᠤᠶ ᠶᠢᠨ ᠡᠬᠢ | ᠪᠠᠶᠠᠯᠢᠭ ᠤᠨ ᠪᠡᠯᠡ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠠᠵᠢᠯ ᠢ | ᠪᠡᠶᠡᠯᠡᠭᠦᠯᠬᠦ ᠪᠣᠯᠤᠨ᠎ᠠ᠃ ᠲᠤᠬᠠᠶ ᠶᠢᠨ ᠦᠶ᠎ᠡ ᠳᠤ᠂ ᠲᠤᠬᠠᠶ ᠶᠢᠨ ᠭᠠᠵᠠᠷ ᠤᠨ ᠤᠢ ᠰᠢᠭᠤᠶ ᠶᠢᠨ ᠡᠬᠢ ᠪᠠᠶᠠᠯᠢᠭ ᠤᠨ | ︽ᠦᠷᠳᠡᠭ︾ ᠢ ᠴᠥᠮ ᠦᠨ᠎ᠡ ᠬᠠᠩᠰᠢ ᠪᠠᠷ ᠳᠠᠮᠵᠢᠭᠤᠯᠤᠨ ᠢᠯᠡᠷᠡᠭᠦᠯᠵᠦ ᠪᠣᠯᠤᠨ᠎ᠠ᠃ | ᠣᠶᠢᠯᠠᠭᠠᠭᠰᠠᠨ ᠢᠶᠠᠷ᠂ ᠪᠡᠯᠡ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠨᠢ ᠤᠢ ᠰᠢᠭᠤᠶ ᠶᠢᠨ ᠡᠬᠢ | ᠪᠠᠶᠠᠯᠢᠭ ᠤᠨ ᠬᠤᠪᠢᠷᠠᠯᠲᠠ ᠶᠢ ᠰᠢᠭᠤᠳ ᠢᠯᠡᠷᠡᠭᠦᠯᠬᠦ ᠪᠣᠯᠤᠨ᠎ᠠ᠃ ᠡᠨᠡ ᠤᠳᠠᠭᠠᠨ ᠤ ᠪᠡᠯᠡ ᠬᠦᠷᠦᠩᠭᠡ ᠶᠢᠨ ᠥᠷᠢ | ᠰᠢᠷᠢ ᠶᠢᠨ ᠬᠦᠰᠦᠨᠦᠭᠲᠦ ᠨᠠᠶᠢᠷᠠᠭᠤᠯᠤᠨ ᠵᠣᠬᠢᠶᠠᠬᠤ ᠠᠵᠢᠯ ᠤᠨ ᠬᠠᠮᠤᠭ ᠤᠨ ᠶᠡᠭᠡ ᠣᠨᠴᠠᠯᠢᠭ ᠭᠡᠪᠡᠯ᠂ ᠬᠥᠮᠦᠨ | ᠲᠥᠷᠥᠯᠬᠢᠲᠡᠨ ᠳᠤ ᠰᠢᠭᠤᠳ ᠠᠵᠤ ᠠᠬᠤᠶ ᠶᠢᠨ ᠠᠰᠢᠭ ᠣᠷᠣᠯᠭ᠎ᠠ ᠣᠯᠭᠤᠬᠤ ᠪᠠᠶᠢᠭᠠᠯᠢ ᠶᠢᠨ ᠡᠬᠢ ᠪᠠᠶᠠᠯᠢᠭ ᠤᠨ | ᠪᠡᠯᠡ ᠬᠦ᠋ᠷᠦᠩᠭᠡ ᠪᠠ ᠠᠮᠢ ᠠᠬᠤᠶ ᠶᠢᠨ ᠦᠢᠯᠡᠳᠬᠦᠨ ᠤ ᠦᠷᠳᠡᠭ ᠢ ᠪᠤᠳᠤᠵᠤ ᠣᠷᠣᠭᠤᠯᠤᠨ᠎ᠠ᠃ ᠡᠨᠡ ᠨᠢ ᠬᠥᠮᠦᠰ | ᠵᠥᠪᠬᠡᠨ ᠠᠵᠤ ᠠᠬᠤᠶ ᠶᠢᠨ ᠨᠡᠮᠡᠭᠳᠡᠯ ᠢ ᠬᠥᠭᠡᠭᠡᠴᠡᠯᠳᠦᠵᠦ᠂ ᠪᠠᠶᠢᠭᠠᠯᠢ ᠲᠠᠢ ᠡᠶ᠎ᠡ ᠵᠣᠬᠢᠴᠠᠵᠤ ᠬᠠᠮᠲᠤ ᠣᠷᠣᠰᠢᠬᠤ ᠶᠢ | ᠣᠮᠲᠣᠭᠠᠶᠢᠯᠠᠭᠰᠠᠨ ᠣᠳᠣᠬᠢ ᠪᠠᠶᠢᠳᠠᠯ ᠢ ᠰᠠᠶᠢᠵᠢᠷᠠᠭᠤᠯᠵᠦ ᠴᠢᠳᠠᠨ᠎ᠠ᠃ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠶᠢᠨ 3 | ᠲᠤᠷᠰᠢᠯᠲᠠ ᠶᠢᠨ ᠴᠢᠭ᠋ ᠤᠨ ᠤᠢ ᠰᠢᠭᠤᠶ ᠶᠢᠨ ᠲᠠᠯᠠᠪᠠᠢ ᠶᠢᠨ 2014 ᠣᠨ ᠤ ᠤᠢ ᠰᠢᠭᠤᠶ ᠶᠢᠨ ᠡᠬᠢ ᠪᠠᠶᠠᠯᠢᠭ | ᠤᠨ ᠪᠡᠯᠡ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠢᠭᠡᠨᠲᠡ ᠨᠠᠶᠢᠷᠠᠭᠤᠯᠤᠨ ᠵᠣᠬᠢᠶᠠᠵᠤ᠂ 2018 ᠣᠨ | ᠪᠣᠯᠬᠤ ᠳᠤ ᠤᠯᠠᠭᠠᠨᠬᠠᠳᠠ ᠬᠤᠲᠠ ᠶᠢᠨ ᠪᠦᠬᠦ ᠬᠤᠲᠠ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ | ᠵᠣᠬᠢᠶᠠᠬᠤ ᠠᠵᠢᠯ ᠢ ᠪᠡᠶᠡᠯᠡᠭᠦᠯᠦᠨ᠎ᠡ᠃ 2020 ᠣᠨ ᠪᠣᠯᠬᠤ ᠳᠤ ᠪᠣᠯᠪᠠᠰᠤᠷᠠᠩᠭᠤᠶ ᠠᠷᠭ᠎ᠠ ᠪᠣᠯᠭᠠᠭᠰᠠᠨ ᠤ | ᠬᠤᠶᠢᠨ᠎ᠠ᠂ ᠪᠦᠬᠦ ᠥᠪᠥᠷ ᠮᠣᠩᠭᠤᠯ ᠤᠨ ᠤᠢ ᠰᠢᠭᠤᠶ ᠶᠢᠨ ᠡᠬᠢ ᠪᠠᠶᠠᠯᠢᠭ ᠤᠨ ᠪᠡᠯᠡ ᠬᠦᠷᠦᠩᠭᠡ ᠶᠢᠨ ᠥᠷᠢ | ᠰᠢᠷᠢ ᠶᠢᠨ ᠬᠦᠰᠦᠨᠦᠭᠲᠦ ᠶᠢ ᠪᠡᠶᠡᠯᠡᠭᠦᠯᠦᠨ᠎ᠡ᠃ |